ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠪᠠᠭ᠎ᠠ︾ ᠣᠨᠴᠠ ᠭᠠᠷᠤᠯᠲᠠ ᠪᠡᠭᠡᠵᠢᠩ ᠤᠨ ︽ᠲᠣᠮᠣ︾ ᠵᠠᠬ᠎ᠠ ᠳᠡᠯᠭᠡᠭᠦᠷ ᠲᠤ ᠣᠷᠣᠵᠤ ᠢᠷᠡᠪᠡ
ᠨᠡᠶᠢᠲᠡᠯᠡᠭᠰᠡᠨ ᠴᠠᠭ᠄
2025/3/12
    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠪᠡᠭᠡᠵᠢᠩ ᠥᠪᠥᠷ ᠮᠣᠩᠭᠤᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠪᠡᠭᠡᠵᠢᠩ ᠥᠪᠥᠷ ᠮᠣᠩᠭᠤᠯ ᠤᠨ 120 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠳᠣᠣᠷ᠎ᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠢᠴᠢᠬᠠᠨ ᠲᠠᠬᠢᠶᠠᠨ ᠥᠨᠳᠡᠭᠡ ᠶᠢ ᠨᠡᠪᠴᠢᠭᠦᠯᠦᠨ ᠬᠠᠮᠲᠤ ᠪᠠᠷ ᠴᠢᠨᠡᠭᠡᠯᠢᠭᠵᠢᠬᠦ ᠰᠢᠨ᠎ᠡ ᠬᠦᠰᠡᠯ ᠡᠷᠡᠮᠡᠯᠵᠡᠯ ᠢ ᠭᠠᠷᠭᠠᠪᠠ᠃    ᠡᠨᠡ ᠵᠢᠯ ᠤᠨ ᠡᠬᠢᠨ ᠳᠤ ︽ᠥᠪᠥᠷ ᠮᠣᠩᠭᠤᠯ ᠤᠨ ᠬᠢᠩᠭᠠᠨ ᠤ ᠰᠠᠶᠢᠨ ᠡᠳ᠋ ᠢ ᠪᠡᠭᠡᠵᠢᠩ ᠳᠤ ᠣᠷᠣᠭᠤᠯᠬᠤ︾ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠪᠣᠷᠣᠯᠠᠭᠤᠯᠬᠤ ᠠᠵᠢᠯᠯᠠᠭ᠎ᠠ ᠳᠤᠮᠳᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠥᠷᠥᠯ ᠤᠨ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠠᠮᠵᠢᠯᠲᠠ ᠲᠠᠢ ᠲᠦᠯᠬᠢᠨ ᠠᠬᠢᠭᠤᠯᠪᠠ᠂ ᠡᠭᠦᠨ ᠳᠤ ᠰᠢᠨᠠᠵᠠᠮ ᠰᠤᠮᠤ ᠶᠢᠨ ᠲᠠᠷᠢᠶᠠᠯᠠᠩ ᠤᠨ ᠣᠨᠴᠠ ᠭᠠᠷᠤᠯᠲᠠ ᠲᠤᠬᠠᠢ ᠶᠢᠨ ᠲᠠᠯᠠᠪᠠᠢ ᠳᠤ ᠵᠠᠬᠢᠶᠠᠯᠠᠭᠰᠠᠨ ᠵᠣᠭᠤᠰ ᠤᠨ ᠲᠤᠭ᠎ᠠ 39.87 ᠲᠦᠮᠡᠨ ᠲᠥᠭᠦᠷᠢᠭ ᠲᠤ ᠬᠦᠷᠴᠡᠢ᠃    ᠲᠦᠷᠦᠭᠦᠬᠡᠨ᠂ ᠰᠤᠷᠪᠤᠯᠵᠢᠯᠠᠭᠴᠢ ᠰᠢᠨ ᠵᠢᠶᠠ ᠮᠦ ᠰᠤᠮᠤ ᠶᠢᠨ ᠵᠢᠶᠧ ᠷᠧᠨ ᠳ᠋ᠠ ᠪᠠ ᠭᠠᠴᠠᠭᠠᠨ ᠤ ᠳᠠᠬᠢᠶ᠎ᠠ ᠲᠡᠵᠢᠭᠡᠬᠦ ᠲᠠᠯᠠᠪᠠᠢ ᠳᠤ ᠬᠦᠷᠴᠦ᠂ ᠵᠥᠪᠬᠡᠨ ᠥᠨᠳᠡᠭᠡᠨ ᠲᠠᠯᠪᠢᠭᠤᠷ ᠳᠡᠭᠡᠷᠡᠬᠢ ᠲᠣᠭᠤᠷᠢᠭ ᠲᠠᠬᠢᠶᠠᠨ ᠥᠨᠳᠡᠭᠡ ᠶᠢ ᠲᠡᠷᠢ ᠲᠡᠭᠰᠢ ᠵᠢᠭᠰᠠᠭᠠᠵᠤ᠂ ᠠᠵᠢᠯᠴᠢᠳ ᠲᠠᠬᠢᠶᠠᠨ ᠥᠨᠳᠡᠭᠡ ᠶᠢ ᠰᠠᠶᠢᠲᠤᠷ ᠰᠣᠩᠭᠤᠵᠤ᠂ ᠣᠨᠴᠠ ᠦᠢᠯᠡᠳᠦᠭᠰᠡᠨ ᠥᠨᠳᠡᠭᠡ ᠶᠢ ᠬᠢᠬᠦ ᠶᠢᠨ ᠬᠠᠮᠲᠤ ᠲᠠᠬᠢᠶᠠᠨ ᠥᠨᠳᠡᠭᠡ ᠨᠢᠭᠡᠪᠦᠷᠢ ᠶᠢ ᠨᠠᠷᠢᠨ ᠪᠠᠶᠢᠴᠠᠭᠠᠵᠤ᠂ ᠪᠡᠭᠡᠵᠢᠩ ᠤᠨ ᠵᠠᠬ᠎ᠠ ᠳᠡᠯᠭᠡᠭᠦᠷ ᠲᠤ ᠬᠦᠷᠭᠡᠭᠰᠡᠨ ᠲᠠᠬᠢᠶᠠᠨ ᠥᠨᠳᠡᠭᠡᠨ ᠤ ᠶᠠᠰᠤ ᠴᠢᠨᠠᠷ ᠢ ᠪᠠᠲᠤᠯᠠᠪᠠ᠃ ︽ᠰᠠᠶᠢᠨ ᠡᠳ᠋ ᠢ ᠪᠡᠭᠡᠵᠢᠩ ᠳᠤ ᠣᠷᠣᠭᠤᠯᠬᠤ ᠠᠵᠢᠯᠯᠠᠭ᠎ᠠ ᠪᠠᠷ ᠳᠠᠮᠵᠢᠨ᠂ ᠮᠠᠨ ᠤ ᠰᠢᠨᠠᠵᠠᠮ ᠰᠤᠮᠤ ᠶᠢᠨ ᠵᠢᠷᠠᠨᠳᠠᠪᠠᠭ᠎ᠠ ᠭᠠᠴᠠᠭᠠᠨ ᠤ ᠳᠠᠬᠢᠶ᠎ᠠ ᠲᠡᠵᠢᠭᠡᠬᠦ ᠲᠠᠯᠠᠪᠠᠢ ᠶᠠᠪᠤᠬᠤ ᠲᠤᠲᠤᠮ ᠣᠯᠠᠰᠢᠷᠠᠪᠠ᠃ ᠡᠨᠡ ᠤᠳᠠᠭ᠎ᠠ ᠪᠢᠳᠡ ᠨᠡᠶᠢᠲᠡ 5 ᠲᠦᠮᠡ ᠭᠠᠷᠤᠢ ᠲᠥᠭᠦᠷᠢᠭ ᠤᠨ ᠦᠨ᠎ᠡ ᠥᠷᠲᠡᠭ ᠲᠠᠢ᠂ ᠬᠤᠶᠢᠰᠢᠳᠠ ᠪᠢᠳᠡ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢᠶᠠᠨ ᠦᠷᠭᠦᠯᠵᠢᠯᠡᠨ ᠴᠢᠩᠭᠠᠳᠬᠠᠵᠤ᠂ ᠪᠦᠯᠦᠭ ᠤᠳᠠᠭ᠎ᠠ ᠨᠢᠭᠡᠪᠦᠷᠢ ᠳᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠴᠢᠩᠭ᠎ᠠ ᠪᠠᠶᠢᠴᠠᠭᠠᠨ ᠰᠢᠯᠭᠠᠵᠤ᠂ ᠬᠡᠷᠡᠭᠯᠡᠭᠴᠢᠳ ᠲᠤ ᠬᠦᠷᠭᠡᠭᠰᠡᠨ ᠦᠢᠯᠡᠳᠬᠦᠨ ᠳᠤ ᠴᠥᠮ ᠥᠩᠭᠡᠷᠡᠭᠰᠡᠨ ᠲᠠᠢ ᠪᠠᠨ ᠠᠳᠠᠯᠢ ᠪᠠᠷ ᠴᠢᠨᠠᠷ ᠰᠠᠶᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠤ ᠰᠢᠨᠠᠵᠢᠮ ᠰᠤᠮᠤ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠳᠤ ᠢᠲᠡᠭᠡᠯ ᠪᠠ ᠳᠤᠷ᠎ᠠ ᠪᠠᠬ᠎ᠠ ᠶᠢ ᠬᠥᠰᠡᠷᠳᠡᠭᠦᠯᠬᠦ ᠦᠭᠡᠢ︾  ᠬᠡᠵᠤ  ᠰᠢᠨᠠᠵᠠᠮ ᠰᠤᠮᠤ ᠶᠢᠨ  ᠵᠢᠷᠠᠨᠳᠠᠪᠠᠭ᠎ᠠ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ ᠵᠠᠩ ᠵᠢᠶᠦ᠋ᠨ ᠬᠡᠯᠡᠪᠡ᠃    ᠲᠠᠷᠢᠶᠠᠯᠠᠩ ᠤᠨ ᠣᠨᠴᠠ ᠭᠠᠷᠤᠯᠲᠠ ᠶᠢᠨ ᠶᠠᠰᠤ ᠴᠢᠨᠠᠷ ᠪᠠ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠰᠢᠨᠠᠵᠠᠮ ᠰᠤᠮᠤ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠪᠠ ᠬᠤᠷᠰᠢᠶ᠎ᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠲᠠᠷᠢᠵᠤ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠮᠥᠷᠳᠡᠯᠲᠡ ᠶᠢᠨ ᠴᠢᠩᠭ᠎ᠠ ᠰᠢᠰᠲ᠋ᠧᠮ ᠢ ᠪᠠᠶᠢᠭᠤᠯᠪᠠ᠃ ᠡᠭᠦᠨ ᠤ ᠬᠠᠮᠲᠤ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠲᠠᠢ ᠨᠢᠭᠲᠠ ᠬᠠᠮᠲᠤᠷᠠᠯᠴᠠᠵᠤ᠂ ᠲᠡᠭᠡᠭᠡᠪᠦᠷᠢ ᠶᠢᠨ ᠭᠤᠭᠴᠤᠭ᠎ᠠ ᠶᠢ ᠰᠢᠯᠢᠳᠡᠭᠵᠢᠭᠦᠯᠦᠨ᠂ ᠦᠢᠯᠡᠳᠬᠦᠨ ᠤ ᠰᠢᠨ᠎ᠡ ᠰᠣᠷᠭᠤᠭ᠂ ᠲᠣᠭᠲᠠᠭᠰᠠᠨ ᠴᠠᠭ ᠲᠤ ᠪᠡᠭᠡᠵᠢᠩ ᠤᠨ ᠵᠠᠬ᠎ᠠ ᠳᠡᠯᠭᠡᠭᠦᠷ ᠲᠤ ᠬᠦᠷᠬᠦ ᠶᠢ ᠪᠠᠲᠤᠯᠠᠬᠤ ᠬᠡᠷᠡᠭᠲᠡᠢ᠃ ᠣᠶᠢᠯᠠᠭᠠᠭᠰᠠᠨ ᠢᠶᠠᠷ᠂ ᠰᠢᠨᠠᠵᠠᠮ ᠰᠤᠮᠤ ᠶᠢᠨ ᠵᠢᠠᠷᠠᠨᠳᠠᠪᠠᠭ᠎ᠠ ᠭᠠᠴᠠᠭᠠᠨ ᠤ ᠣᠳᠣᠬᠢᠴᠢᠯᠠᠭᠰᠠᠨ ᠳᠠᠬᠢᠶ᠎ᠠ ᠲᠡᠵᠢᠭᠡᠬᠦ ᠲᠠᠯᠠᠪᠠᠢ 2023 ᠣᠨ ᠳᠤ ᠪᠠᠶᠢᠭᠤᠯᠤᠭᠳᠠᠵᠤ᠂ 5000 ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠂ ᠲᠡᠵᠢᠭᠡᠨ ᠦᠷᠡᠵᠢᠭᠦᠯᠬᠦ ᠲᠠᠯᠠᠪᠠᠢ ᠨᠡᠶᠢᠲᠡ 1.5 ᠲᠦᠮᠡᠨ ᠳᠠᠬᠢᠶ᠎ᠠ᠂ ᠡᠳᠦᠷ ᠲᠤ 1.3 ᠲᠦᠮᠡᠨ ᠳᠠᠬᠢᠶ᠎ᠠ᠂ ᠨᠢᠭᠡᠨᠲᠡ 6 ᠲᠣᠰᠬᠤᠨ ᠤ ᠠᠷᠠᠳ ᠲᠤ ᠠᠵᠢᠯ ᠤᠨ ᠪᠠᠶᠢᠷᠢ ᠬᠠᠩᠭᠠᠵᠤ᠂ ᠲᠠᠬᠢᠶᠠᠨ ᠥᠨᠳᠡᠭᠡ ᠶᠢ ᠬᠤᠳᠠᠯᠳᠤᠨ ᠠᠪᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠦᠬᠡ ᠪᠦᠷᠢ ᠵᠢᠯ ᠪᠦᠷᠢ 2000 ᠲᠥᠭᠦᠷᠢᠭ ᠤᠨ ᠣᠷᠣᠯᠭ᠎ᠠ ᠨᠡᠮᠡᠭᠳᠡᠭᠦᠯᠬᠦ ᠶᠢ ᠪᠡᠶᠡᠯᠡᠭᠦᠯᠪᠡ᠃    ︽ᠳᠠᠷᠠᠭᠠᠴᠢ ᠶᠢᠨ ᠠᠯᠬᠤᠮ ᠳᠤ᠂ ᠪᠢᠳᠡ ᠲᠤᠰ ᠤᠳᠠᠭᠠᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠶᠢᠨ ᠠᠪᠴᠢᠷᠠᠭᠰᠠᠨ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠦᠢᠯᠡᠳᠪᠦᠷᠢᠯᠡᠯ ᠤᠨ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠩ ᠣᠯᠠᠨ ᠨᠡᠩ ᠰᠠᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠦᠬᠦ ᠤᠯᠤᠰ ᠤᠨ ᠵᠠᠬ᠎ᠠ ᠳᠡᠯᠭᠡᠭᠦᠷ ᠲᠤ ᠭᠠᠷᠭᠠᠵᠤ᠂ ᠨᠤᠲᠤᠭ ᠤᠨ ᠠᠬ᠎ᠠ ᠳᠡᠭᠦᠦ ᠨᠡᠷ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠰᠢᠨᠠᠵᠠᠮ ᠰᠤᠮᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ︾ ᠬᠡᠵᠤ ᠰᠢᠨᠠᠵᠠᠮ ᠰᠤᠮᠤ ᠶᠢᠨ ᠳᠡᠳ᠋ ᠰᠤᠮᠤᠨ ᠳᠠᠷᠤᠭ᠎ᠠ ᠢᠦᠢ ᠵᠢᠶᠠᠨ ᠭᠥᠸᠧ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号