ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠷᠠᠳ ᠤᠨ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠬᠢᠵᠢᠭᠦᠯᠵᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠡᠷᠴᠢᠮ ᠢᠶᠠᠨ | ᠴᠢᠩᠭᠠᠷᠠᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠲᠠᠯ᠎ᠠ ᠪᠠᠷ | ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠶᠢᠨ | ᠲᠥᠯᠥᠭᠡ᠂ 3 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ | ᠨᠤᠲᠤᠭ ᠪᠡᠯᠴᠢᠭᠡᠷ ᠤᠨ ᠲᠣᠪᠴᠢᠶ᠎ᠠ᠂ ᠬᠤᠷᠴᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠴᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠬᠠᠪᠤᠷ ᠤᠨ | ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ | ᠴᠢᠬᠤᠯᠠ ᠴᠢᠨᠠᠷ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠮᠤᠷ ᠲᠦᠪᠰᠢᠨ ᠢᠶᠠᠷ ᠭᠠᠯ | ᠬᠡᠷᠡᠭᠯᠡᠬᠦ ᠶᠡᠷᠦ ᠶᠢᠨ ᠮᠡᠳᠡᠯᠭᠡ ᠶᠢ ᠤᠬᠠᠭᠤᠯᠪᠠ᠃ ᠡᠭᠦᠨ ᠠᠴᠠ ᠭᠠᠳᠠᠨ᠎ᠠ᠂ ᠭᠠᠯ ᠰᠡᠷᠭᠡᠶᠢᠯᠡᠬᠦ ᠤᠬᠠᠭᠤᠯᠭ᠎ᠠ ᠶᠢᠨ | ᠲᠡᠷᠭᠡ ᠶᠢ ᠠᠰᠢᠭᠯᠠᠨ ᠪᠠᠶᠠᠨᠬᠤᠰᠢᠭᠤ ᠪᠠᠯᠭᠠᠰᠤᠨ ᠤ ᠲᠣᠭᠤᠷᠢᠭ ᠲᠤ ᠣᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠤᠬᠠᠭᠤᠯᠭ᠎ᠠ ᠶᠢᠨ ᠳᠠᠭᠤᠨ ᠳᠠᠪᠲᠠᠮᠵᠢ ᠶᠢ ᠡᠷᠭᠢᠯᠳᠦᠭᠦᠯᠦᠨ ᠨᠡᠪᠲᠡᠷᠡᠭᠦᠯᠬᠦ ᠶᠢᠨ ᠬᠠᠮᠲᠤ ᠠᠵᠢᠯᠲᠠᠳ ᠢ | ᠵᠣᠬᠢᠶᠠᠨ ᠪᠠᠶᠢᠭᠤᠯᠤᠨ ᠡᠷᠭᠢᠨ ᠲᠣᠭᠤᠷᠢᠨ ᠤ ᠰᠤᠮᠤ ᠪᠠᠯᠭᠠᠰᠤᠨ ᠳᠤ ᠭᠦᠨᠵᠡᠭᠡᠶᠢᠷᠡᠨ ᠡᠷᠦᠬᠡ ᠳᠤ ᠬᠦᠷᠴᠦ | ᠤᠬᠠᠭᠤᠯᠭ᠎ᠠ ᠬᠢᠵᠦ᠂ ᠭᠠᠯ ᠰᠡᠷᠭᠡᠶᠢᠯᠡᠬᠦ ᠮᠡᠳᠡᠯᠭᠡ ᠶᠢ ᠣᠯᠠᠨ ᠲᠦᠮᠡᠨ ᠤ ᠭᠡᠷ ᠲᠤ ᠬᠦᠷᠭᠡᠵᠦ᠂ ᠤᠬᠠᠭᠤᠯᠭ᠎ᠠ ᠶᠢᠨ | ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠂ ᠬᠠᠪᠤᠷ ᠤᠨ ᠤᠯᠠᠷᠢᠯ ᠤᠨ ᠣᠢ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ ︽ᠬᠠᠪᠤᠷ ᠤᠨ ᠰᠡᠷᠭᠡᠶᠢᠯᠡᠯᠲᠡ ᠶᠢᠨ ᠠᠵᠢᠯ ᠨᠢᠭᠡᠨᠲᠡ ᠡᠬᠢᠯᠡᠵᠦ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠥᠩᠭᠡᠷᠡᠭᠰᠡᠨ ᠲᠠᠢ ᠪᠠᠨ | ᠠᠳᠠᠯᠢ ᠪᠠᠷ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠤᠰᠬᠠᠢ ᠮᠡᠷᠭᠡᠵᠢᠯ ᠤᠨ ᠬᠢᠷᠢ | ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠳᠠᠶᠢᠨ ᠤ ᠪᠡᠯᠡᠳᠬᠡᠯ ᠤᠨ | ᠲᠥᠰᠦᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ | ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠬᠤᠰᠢᠭᠤᠨ ᠤ ︿ | ᠪᠣᠬᠢᠷᠲᠤᠯ ᠦᠭᠡᠢ﹀ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ︾ ᠬᠡᠵᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ | ᠳᠡᠳ᠋ ᠳᠠᠷᠤᠭ᠎ᠠ ᠵᠤ᠋ ᠵᠥᠩ ᠭᠦᠸᠧ ᠬᠡᠯᠡᠪᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 66 ᠤᠬᠠᠭᠤᠯᠤᠭᠴᠢ᠂ 14 ᠤᠬᠠᠭᠤᠯᠬᠤ | ᠲᠡᠷᠭᠡ᠂ 5000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠳᠠᠷᠠᠭᠠᠴᠢ ᠶᠢᠨ ᠨᠢᠭᠡ ᠭᠠᠷᠠᠭ ᠲᠤ | ᠠᠵᠢᠯᠯᠠᠭ᠎ᠠ ᠨᠢ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ ᠪᠠ ᠲᠠᠷᠢᠶᠠᠯᠠᠩ ᠮᠠᠯ ᠠᠵᠤ ᠠᠬᠤᠢ ᠣᠢ ᠰᠢᠭᠤᠢ ᠶᠢᠨ | ᠲᠠᠯᠠᠪᠠᠢ ᠳᠤ ᠦᠷᠭᠦᠯᠵᠢᠯᠡᠨ ᠶᠠᠪᠤᠭᠳᠠᠬᠤ ᠪᠣᠯᠤᠨ᠎ᠠ᠃ ︽ᠥᠨᠥᠳᠦᠷ ᠤᠨ ᠡᠨᠡ ᠤᠳᠠᠭᠠᠨ ᠤ ᠤᠬᠠᠭᠤᠯᠭ᠎ᠠ ᠶᠢᠨ | ᠠᠵᠢᠯᠯᠠᠭ᠎ᠠ ᠪᠣᠯ 2025 ᠣᠨ ᠤ ︿ᠪᠠᠶᠢᠩᠭᠤᠵᠢᠭᠤᠯᠬᠤ﹀ ᠣᠢ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ | ᠰᠢᠨ᠎ᠡ ᠡᠬᠢᠯᠡᠯᠲᠡ ᠶᠢᠨ ᠴᠡᠭ ᠪᠣᠯᠤᠨ᠎ᠠ᠂ ᠭᠤᠣᠯ ᠵᠣᠷᠢᠯᠭ᠎ᠠ ᠨᠢ ᠳᠠᠷᠤᠢ ᠣᠯᠠᠨ ᠵᠦᠢᠯ ᠤᠨ ᠬᠡᠯᠪᠡᠷᠢ ᠪᠠᠷ | ᠤᠬᠠᠭᠤᠯᠵᠤ᠂ ᠥᠷᠭᠡᠨ ᠣᠯᠠᠨ ᠲᠦᠮᠡᠨ ᠳᠤ ᠣᠢ ᠰᠢᠭᠤᠢ ᠶᠢ ᠬᠠᠮᠠᠭᠠᠯᠠᠨ ᠭᠠᠯ ᠰᠡᠷᠭᠡᠶᠢᠯᠡᠬᠦ ᠶᠢ ᠤᠯᠠᠮ ᠨᠢᠭᠡ | ᠠᠯᠬᠤᠮ ᠲᠠᠨᠢᠭᠤᠯᠵᠤ᠂ ᠣᠢ ᠰᠢᠭᠤᠢ ᠶᠢ ᠬᠠᠮᠠᠭᠠᠯᠠᠨ ᠭᠠᠯ ᠰᠡᠷᠭᠡᠶᠢᠯᠡᠬᠦ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠭᠤᠯᠵᠤ᠂ ᠬᠥᠮᠦᠨ ᠪᠦᠬᠦᠨ ᠭᠠᠯ ᠰᠡᠷᠭᠡᠶᠢᠯᠡᠬᠦ ᠶᠢ ᠮᠡᠳᠡᠬᠦ᠂ ᠬᠥᠮᠦᠨ ᠪᠦᠬᠦᠨ ᠭᠠᠯ ᠰᠡᠷᠭᠡᠶᠢᠯᠡᠬᠦ ᠶᠢ | ᠣᠶᠢᠯᠠᠭᠠᠬᠤ᠂ ᠬᠥᠮᠦᠨ ᠪᠦᠬᠦᠨ ᠭᠠᠯ ᠰᠡᠷᠭᠡᠶᠢᠯᠡᠬᠦ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠢ | ᠪᠣᠯᠭᠠᠬᠤ ᠶᠢᠨ ᠲᠥᠯᠥᠭᠡ ᠶᠤᠮ︾ ᠬᠡᠵᠤ ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ | ᠭᠤᠸ᠎ᠠ ᠬᠡᠯᠡᠪᠡ᠃ |