ᠰᠦᠨ ᠱᠤᠤ ᠴᠧᠩ ᠸᠠᠩ ᠯᠢ ᠰᠢᠶᠠ ᠶᠠᠩ ᠵᠧᠨ ᠡᠤ ᠪᠦ᠋ ᠰᠢᠶᠤᠤ ᠯᠢᠨ ᠦᠭᠡ ᠬᠡᠯᠡᠪᠡ | 3 ᠰᠠᠷ᠎ᠠ ᠶᠢᠨ 9 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠰᠠᠭᠤᠭ᠎ᠠ ᠭᠠᠵᠠᠷ ᠲᠠᠭᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ᠂ | ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠤᠨ ᠲᠥᠰᠦᠯ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠭᠰᠠᠨ | ᠪᠥᠭᠡᠳ ᠦᠭᠡ ᠬᠡᠯᠡᠵᠦ᠂ ᠸᠠᠩ ᠯᠢ ᠰᠢᠶᠠ᠂ ᠶᠠᠩ ᠵᠧᠨ ᠡᠤ᠂ ᠪᠦ᠋ ᠰᠢᠶᠤᠤ ᠯᠢᠨ ᠵᠡᠷᠭᠡ ᠲᠥᠯᠥᠭᠡᠯᠡᠭᠴᠢ ᠦᠭᠡ | ᠬᠡᠯᠡᠵᠦ᠂ ᠢᠦᠢ ᠯᠢ ᠰᠢᠨ᠂ ᠯᠢᠨ ᠱᠤᠤ ᠴᠦᠨ᠂ ᠵᠧᠩ ᠬᠤᠩ ᠹᠠᠨ᠂ ᠶᠠᠩ ᠶᠢᠨ ᠲᠤᠰ ᠲᠤᠰ ᠦᠳᠡ ᠶᠢᠨ | ᠡᠮᠦᠨᠡᠬᠢ ᠪᠠ ᠦᠳᠡ ᠶᠢᠨ ᠬᠤᠶᠢᠨᠠᠬᠢ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠾᠧ ᠰᠢᠶᠤᠤ ᠷᠦᠩ᠂ ᠠᠷᠠᠳ ᠤᠨ ᠳᠡᠭᠡᠳᠦ ᠰᠢᠭᠦᠬᠦ | ᠬᠤᠷᠶ᠊ ᠡᠶ᠎ᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ | ᠶᠡᠭᠡ ᠬᠤᠷᠠᠯ ᠤᠨ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ | ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃ | ᠰᠦᠨ ᠱᠤᠤ ᠴᠧᠩ ᠲᠥᠯᠥᠭᠡᠯᠡᠭᠴᠢ᠂ ᠪᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠬᠤᠶᠠᠷ | ᠮᠡᠳᠡᠭᠦᠯᠦᠯᠲᠡ ᠶᠢᠨ ᠪᠦᠬᠦ᠋ᠯᠡ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠲᠤᠭ᠎ᠠ ᠪᠠᠷᠢᠮᠲᠠ ᠪᠠᠷ ᠦᠭᠡ | ᠶᠠᠷᠢᠵᠤ᠂ ᠬᠡᠷᠡᠭ ᠤᠨ ᠵᠢᠱᠢᠶ᠎ᠡ ᠪᠠᠷ ᠬᠠᠤᠯᠢ ᠶᠢ ᠲᠠᠶᠢᠯᠪᠤᠷᠢᠯᠠᠵᠤ᠂ ᠦᠭᠡ ᠦᠭᠦᠯᠡᠪᠦᠷᠢ ᠪᠤᠯᠭᠠᠨ ᠳᠤ ᠬᠠᠤᠯᠢ ᠪᠠᠷ | ᠵᠠᠰᠠᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠬᠠᠤᠯᠢ ᠪᠠᠷᠢᠬᠤ ᠬᠦᠴᠦᠨ ᠢ ᠳᠠᠮᠵᠢᠭᠤᠯᠵᠤ᠂ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠶᠢ | ᠢᠯᠡᠷᠡᠭᠦᠯᠪᠡ᠃ ᠥᠩᠭᠡᠷᠡᠭᠰᠡᠨ ᠨᠢᠭᠡ ᠵᠢᠯ ᠳᠤ ᠪᠦᠬᠦ ᠤᠯᠤᠰ ᠤᠨ ᠰᠢᠭᠦᠬᠦ ᠬᠤᠷᠶ᠊ ᠡᠶ᠎ᠡ ᠪᠠᠶᠢᠴᠠᠭᠠᠬᠤ ᠬᠤᠷᠢᠶ᠎ᠠ ᠶᠢᠨ | ᠰᠢᠰᠲ᠋ᠧᠮ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠭᠡ ᠲᠠᠯ᠎ᠠ ᠳᠤ ᠦᠢᠯᠡᠴᠢᠯᠡᠵᠦ ᠭᠠᠷᠮᠠᠭᠠᠢ ᠦᠷ᠎ᠡ | ᠪᠦᠲᠦᠮᠵᠢ ᠤᠯᠪᠠ᠃ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠳᠤ ᠡᠨᠡ ᠵᠢᠯ ᠤᠨ ᠰᠢᠭᠦᠬᠦ ᠬᠤᠷᠢᠶ᠎ᠠ | ᠪᠠᠶᠢᠴᠠᠭᠠᠬᠤ ᠬᠤᠷᠢᠶ᠎ᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠂ ᠪᠢᠳᠡ ᠪᠣᠳᠠᠲᠠᠶ ᠲᠠᠢ ᠪᠠᠨ | ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠥᠪᠥᠷ ᠮᠣᠩᠭᠤᠯ ᠤᠨ | ᠪᠥᠲᠥᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠪᠡ᠃ | ᠸᠠᠩ ᠯᠢ ᠰᠢᠶᠠ ᠲᠥᠯᠥᠭᠡᠯᠡᠭᠴᠢ᠂ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢᠨ ᠪᠦᠬᠦ᠋ᠯᠡ | ᠠᠭᠤᠯᠭ᠎ᠠ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠨᠠᠷᠢᠨ ᠪᠣᠳᠠᠲᠠᠶ | ᠲᠤᠭ᠎ᠠ ᠪᠠᠷᠢᠮᠲᠠ᠂ ᠠᠮᠢᠳᠤᠯᠢᠭ ᠬᠡᠷᠡᠭ ᠤᠨ ᠵᠢᠱᠢᠶ᠎ᠡ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠮᠡᠳᠡᠭᠦᠯᠵᠦ᠂ | ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ᠂ ᠬᠠᠤᠯᠢ ᠪᠠᠷ ᠵᠠᠰᠠᠬᠤ ᠶᠢᠨ | ᠲᠥᠯᠥᠭᠡ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠤᠬᠠᠮᠰᠠᠷ ᠢ ᠢᠯᠡᠷᠡᠭᠦᠯᠵᠦ᠂ ᠦᠵᠡᠯ ᠰᠠᠨᠠᠭᠠᠨ ᠤ | ᠲᠤᠭ ᠢ ᠥᠨᠳᠥᠷ ᠮᠠᠨᠳᠤᠭᠤᠯᠤᠭᠰᠠᠨ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ᠂ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦᠭᠰᠡᠨ ᠰᠠᠶᠢᠨ ᠮᠡᠳᠡᠭᠦᠯᠦᠯᠲᠡ ᠪᠣᠯᠵᠠᠶ᠂ ᠪᠢ | ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ ᠠᠷᠠᠳ ᠤᠨ ᠳᠡᠭᠡᠳᠦ ᠰᠢᠭᠦᠬᠦ ᠬᠤᠷᠶ᠊ ᠡᠶ᠎ᠡ᠂ | ᠠᠷᠠᠳ ᠤᠨ ᠳᠡᠭᠡᠳᠦ ᠪᠠᠶᠢᠴᠠᠭᠠᠬᠤ ᠬᠤᠷᠶ᠊ ᠡᠶ᠎ᠡ ᠡᠷᠴᠢᠮᠲᠡᠢ ᠵᠢᠳᠭᠦᠯ ᠴᠢᠷᠮᠠᠶᠢᠯᠭ᠎ᠠ ᠭᠠᠷᠭᠠᠵᠤ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ ᠶᠡᠭᠡ ᠲᠠᠯ᠎ᠠ ᠳᠤ | ᠦᠢᠯᠡᠴᠢᠯᠡᠵᠦ᠂ ᠰᠡᠳᠭᠢᠯ ᠲᠠᠯᠪᠢᠨ ᠬᠠᠶᠢᠷ᠎ᠠ ᠰᠡᠳᠭᠢᠯᠭᠡ ᠲᠠᠢ ᠪᠠᠷ ᠠᠷᠠᠳ ᠲᠦᠮᠡᠨ ᠤ ᠲᠥᠯᠥᠭᠡ ᠬᠠᠤᠯᠢ ᠪᠠᠷᠢᠵᠤ᠂ | ᠴᠢᠨᠠᠷ ᠰᠠᠶᠢᠲᠠᠢ ᠬᠥᠭᠵᠢᠯᠲᠡ ᠳᠤ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠲᠤᠯᠭᠠᠭᠤᠷᠢᠯᠠᠯ ᠬᠠᠩᠭᠠᠪᠠ᠃ | ᠪᠢᠳᠡ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠬᠠᠤᠯᠢᠵᠢᠭᠰᠠᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠦᠷᠭᠡᠳᠬᠡᠨ ᠪᠤᠢ ᠪᠣᠯᠭᠠᠵᠤ᠂ ᠨᠡᠩ ᠥᠨᠳᠥᠷ ᠲᠦᠪᠰᠢᠨ ᠪᠦᠬᠦᠢ | ᠬᠠᠤᠯᠢ ᠪᠠᠷ ᠵᠠᠰᠠᠬᠤ ᠥᠪᠥᠷ ᠮᠣᠩᠭᠤᠯ ᠢ ᠴᠢᠷᠮᠠᠶᠢᠨ ᠪᠠᠶᠢᠭᠤᠯᠤᠨ᠎ᠠ ᠭᠡᠵᠡᠢ᠃ | ᠶᠠᠩ ᠵᠧᠨ ᠦ᠋ ᠲᠥᠯᠥᠭᠡᠯᠡᠭᠴᠢ᠂ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ ᠵᠥᠪᠰᠢᠶᠡᠷᠡᠵᠦ | ᠪᠠᠶᠢᠨ᠎ᠠ᠃ ᠥᠩᠭᠡᠷᠡᠭᠰᠡᠨ ᠨᠢᠭᠡ ᠵᠢᠯ ᠳᠤ ︽ᠬᠤᠶᠠᠷ ᠬᠤᠷᠢᠶ᠎ᠠ︾ ᠶᠢᠨ ᠠᠵᠢᠯ ᠳᠤ ᠬᠤᠶᠠᠷ ᠲᠣᠪᠤᠶᠢᠮ᠎ᠠ ᠣᠨᠴᠠᠯᠢᠭ | ᠵᠯᠡᠷᠡᠪᠡ᠄ ᠨᠢᠭᠡ ᠳᠤ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠪᠠᠷ ᠴᠢᠷᠮᠠᠶᠢᠵᠤ᠂ ᠬᠠᠤᠯᠢ ᠪᠠᠷᠢᠬᠤ ᠬᠡᠷᠡᠭ | ᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠠᠷᠠᠳ ᠣᠯᠠᠨ ᠳᠤ ᠮᠡᠳᠡᠷᠡᠭᠦᠯᠪᠡ︔ ᠬᠤᠶᠠᠷ ᠲᠤ᠂ ᠶᠡᠭᠡ | ᠲᠠᠯ᠎ᠠ ᠳᠤ ᠦᠢᠯᠡᠴᠢᠯᠡᠵᠦ᠂ ᠰᠢᠭᠦᠨ ᠲᠠᠰᠤᠯᠬᠤ ᠪᠠ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠪᠠᠲᠤᠯᠠᠪᠠ᠃ ︽ᠤᠷᠢᠳᠴᠢᠯᠠᠨ ᠰᠡᠷᠭᠡᠶᠢᠯᠡᠬᠦ ᠪᠣᠯ | ᠳᠠᠷᠤᠢ ᠬᠠᠮᠠᠭᠠᠯᠠᠬᠤ ᠶᠠᠪᠤᠳᠠᠯ ᠮᠥᠨ᠂ ᠵᠠᠯᠬᠠᠭᠠᠨ ᠰᠢᠢᠳᠭᠡᠬᠦ ᠪᠣᠯ ᠪᠠᠰᠠ ᠴᠤ ᠠᠪᠤᠷᠠᠬᠤ ᠶᠠᠪᠤᠳᠠᠯ ᠮᠥᠨ︾ ᠭᠡᠬᠦ | ᠣᠶᠢᠯᠠᠭᠠᠭᠳᠠᠬᠤᠨ ᠢ ᠪᠠᠷᠢᠮᠲᠠᠯᠠᠨ᠂ ᠬᠦᠴᠦᠷᠬᠡᠭᠯᠡᠨ ᠬᠤᠤᠷᠯᠠᠬᠤ᠂ ᠨᠥᠵᠢᠳᠯᠡᠬᠦ᠂ ᠮᠡᠬᠡᠯᠡᠨ ᠬᠤᠳᠠᠯᠳᠤᠬᠤ ᠵᠡᠷᠭᠡ | ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠵᠠᠯᠬᠠᠭᠠᠨ ᠰᠢᠢᠳᠭᠡᠵᠦ᠂ ᠨᠠᠰᠤᠨ ᠳᠤ ᠬᠦᠷᠦᠭᠰᠡᠳ ᠠᠴᠠ ᠨᠠᠰᠤᠨ ᠳᠤ ᠦᠯᠦ ᠬᠦᠷᠦᠭᠰᠡᠳ ᠢ ᠠᠯᠪᠠᠳᠠᠨ | ᠰᠦᠷᠳᠡᠭᠦᠯᠵᠦ᠂ ᠥᠳᠥᠭᠡᠨ ᠲᠠᠲᠠᠵᠤ᠂ ᠵᠢᠭᠠᠨ ᠲᠤᠬᠢᠵᠤ ᠪᠠᠶᠢᠭᠠᠳ ᠬᠠᠤᠯᠢ ᠠᠴᠠ ᠵᠥᠷᠢᠴᠡᠬᠦ ᠶᠠᠯᠠᠲᠤ ᠬᠡᠷᠡᠭ | ᠬᠢᠯᠭᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠨ᠎ᠠ ᠬᠡᠵᠤ ᠰᠠᠨᠠᠭᠤᠯᠭ᠎ᠠ ᠲᠤᠷᠠᠳᠤᠬᠰᠠᠨ ᠪᠠᠶᠢᠨ᠎ᠠ ᠭᠡᠵᠡᠢ᠃ | ᠪᠦ᠋ ᠰᠢᠶᠤᠤ ᠯᠢᠨ ᠲᠥᠯᠥᠭᠡᠯᠡᠭᠴᠢ᠂ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ ᠪᠦᠷᠢᠮᠦᠰᠦᠨ | ᠵᠥᠪᠰᠢᠶᠡᠷᠡᠵᠦ ᠪᠠᠶᠢᠨ᠎ᠠ᠃ ᠨᠢᠭᠡ ᠵᠢᠯ ᠤᠨ ᠲᠤᠷᠰᠢ ᠠᠷᠠᠳ ᠤᠨ ᠳᠡᠭᠡᠳᠦ ᠰᠢᠬᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠬᠠᠤᠯᠢ ᠪᠠᠷᠢᠬᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠬᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠠᠤᠯᠢ ᠪᠠᠷᠢᠬᠤ ᠲᠣᠭᠲᠠᠴᠠ ᠶᠢ | ᠤᠯᠠᠮ ᠲᠡᠭᠦᠯᠳᠡᠷᠵᠢᠬᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷᠢᠬᠤ ᠠᠵᠢᠯ ᠢ ᠪᠦᠬᠦ ᠲᠠᠯ᠎ᠠ ᠪᠠᠷ | ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠬᠦᠯᠵᠦ | ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠠᠷᠠᠳ ᠲᠦᠮᠡᠨ ᠤ ᠠᠮᠤᠷ ᠲᠠᠶᠢᠪᠤᠩ ᠠᠵᠤ | ᠲᠦᠷᠦᠭᠦ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠬᠠᠤᠯᠢ ᠪᠠᠷᠢᠬᠤ ᠪᠠᠶᠢᠭᠤᠯᠤᠯ ᠤᠨ ᠯᠤᠲᠤ ᠶᠡᠭᠡ ᠳᠠᠪᠠᠭᠤᠯᠢᠭ ᠢ ᠭᠦᠢᠴᠡᠳ ᠢᠯᠡᠷᠡᠭᠦᠯᠵᠦ᠂ | ᠮᠥᠨ ᠴᠦ ᠪᠢᠳᠠᠡ ᠳᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ | ᠤᠯᠠᠮ ᠭᠦᠨᠵᠡᠭᠡᠶ ᠮᠡᠳᠡᠷᠡᠬᠦᠯᠵᠡᠢ ᠭᠡᠪᠡ᠃ | ᠲᠠᠩ ᠴᠤᠤ᠂ ᠯᠢ ᠪᠢᠨ᠂ ᠯᠢᠦ ᠱᠤᠸᠠᠩ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ | ᠶᠠᠩ ᠶᠢᠨ᠂ ᠶᠠᠩ ᠽᠦᠩ ᠷᠧᠨ᠂ ᠯᠢ ᠶᠦᠩ ᠵᠢᠶᠦ᠋ᠨ ᠵᠡᠷᠭᠡ ᠲᠥᠯᠥᠭᠡᠯᠡᠭᠴᠢ ᠦᠭᠡ ᠬᠡᠯᠡᠪᠡ᠃ ᠲᠥᠯᠥᠭᠡᠯᠡᠭᠴᠢᠳ᠂ | ︽ᠬᠤᠶᠠᠷ ᠬᠤᠷᠢᠶ᠎ᠠ︾ ᠢᠢᠨ ᠠᠵᠢᠯ ᠤᠨ ᠮᠡᠳᠡᠭᠦᠯᠦᠯᠳᠡ ᠶᠢᠨ ᠪᠦᠬᠦ᠋ᠯᠠ ᠠᠭᠤᠯᠭ᠎ᠠ ᠳᠤ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠵᠢᠯ ᠢᠶᠠᠨ ᠪᠤᠰᠤᠳᠴᠢ ᠪᠥᠭᠡᠳ ᠪᠥᠬᠦ ᠲᠠᠯ᠎ᠠ ᠪᠠᠷ᠂ | ᠦᠨᠡᠨ ᠠᠴᠠ ᠵᠥᠪ ᠢ ᠡᠷᠢᠵᠦ ᠬᠤᠷᠢᠶᠠᠩᠭᠤᠶᠢᠯᠠᠨ ᠳ᠋ᠦᠩᠨᠡᠵᠤ᠂ ᠳᠤᠷᠠᠳᠤᠭᠰᠠᠨ ᠰᠠᠨᠠᠭᠤᠯᠭ᠎ᠠ ᠶᠢᠨ ᠰᠡᠳᠭᠢᠮᠵᠢ ᠨᠢ | ᠲᠣᠳᠣᠷᠬᠠᠶ᠂ ᠪᠣᠳᠠᠲᠠᠶ ᠶᠢ ᠡᠷᠬᠢᠮᠯᠡᠨ ᠡᠷᠴᠢᠮᠯᠢᠭ ᠬᠦᠴᠦᠲᠡᠶ ᠪᠠᠶᠢᠵᠤ᠂ ᠲᠥᠪ ᠭᠤᠤᠯᠴᠢ ᠰᠢᠳᠤᠷᠭᠤ ᠶᠣᠰᠣ ᠶᠢ | ᠬᠠᠮᠠᠭᠠᠯᠠᠬᠤ ᠥᠷᠲᠡᠭ ᠤᠨ ᠬᠠᠨᠳᠤᠰᠢ᠂ ᠠᠷᠠᠳ ᠤᠨ ᠲᠥᠯᠥᠭᠡ ᠬᠠᠤᠯᠢ ᠪᠠᠷᠢᠬᠤ ᠡᠭᠦᠷᠭᠡ ᠬᠠᠷᠢᠭᠤᠴᠠᠯᠭ᠎ᠠ ᠶᠢ | ᠭᠦᠢᠴᠡᠳ ᠢᠯᠡᠷᠡᠭᠦᠯᠵᠡᠶ᠂ ᠡᠨᠡ ᠪᠣᠯ ᠲᠤᠭ ᠢ ᠥᠨᠳᠥᠷ ᠮᠠᠨᠳᠤᠭᠤᠯᠵᠤ᠂ ᠬᠠᠤᠯᠢ ᠪᠠᠷ ᠵᠠᠰᠠᠬᠤ ᠶᠢ ᠪᠠᠳᠠᠷᠠᠭᠤᠯᠵᠤ᠂ | ᠡᠭᠦᠷᠭᠡᠯᠡᠯ ᠢ ᠢᠯᠡᠷᠡᠭᠦᠯᠦᠭᠰᠡᠨ ᠰᠠᠶᠢᠨ ᠮᠡᠳᠡᠭᠦᠯᠦᠯᠳᠡ ᠪᠤᠯᠵᠠᠢ᠂ ᠲᠤᠰ ᠬᠤᠶᠠᠷ ᠮᠡᠳᠡᠭᠦᠯᠦᠯᠳᠡ ᠶᠢ ᠪᠦᠷᠢᠮᠦᠰᠦᠨ | ᠵᠥᠪᠰᠢᠶᠡᠷᠡᠵᠦ ᠪᠠᠶᠢᠨ᠎ᠠ ᠭᠡᠵᠦ ᠢᠯᠡᠳᠬᠡᠵᠡᠭᠡᠪᠡ᠃ |