ᠤᠷᠴᠢᠮᠬᠠᠨ ᠬᠤᠷᠠᠯᠳᠤᠭᠰᠠᠨ 2024 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ 2024 ᠣᠨ ᠳᠤ ᠮᠠᠨ ᠤ ᠤᠷᠤᠨ ᠤ ᠭᠠᠳᠠᠭᠠᠳᠤ ᠠᠷᠠᠯᠵᠢᠶ᠎ᠠ ᠶᠡᠷᠦᠩᠬᠡᠶ ᠳᠡᠭᠡᠨ | ᠲᠣᠭᠲᠠᠭᠤᠨ ᠤ ᠳᠤᠮᠳᠠ ᠰᠠᠶᠢᠵᠢᠷᠠᠵᠤ᠂ ᠶᠡᠷᠦᠩᠬᠡᠶ ᠬᠡᠮᠵᠢᠶ᠎ᠡ᠂ ᠨᠡᠮᠡᠭᠳᠡᠯ ᠤᠨ ᠬᠡᠮᠵᠢᠶ᠎ᠡ᠂ ᠶᠠᠰᠤ ᠴᠢᠨᠠᠷ ᠭᠤᠷᠪᠡᠨ | ᠲᠠᠯ᠎ᠠ ᠪᠠᠷ ᠪᠦᠷ ᠳᠡᠭᠡᠭᠰᠢᠯᠡᠪᠡ᠃ ᠠᠷᠠᠯᠵᠢᠶᠠᠨ ᠤ ︽ᠨᠠᠶᠢᠵᠠ ᠶᠢᠨ ᠲᠣᠭᠤᠷᠢᠭ︾ ᠤᠯᠠᠮ ᠠᠴᠠ ᠤᠯᠠᠮ ᠦᠷᠭᠡᠵᠢᠵᠤ᠂ | 2024 ᠣᠨ ᠤ ᠡᠴᠦᠰ ᠪᠣᠯᠲᠠᠯ᠎ᠠ ᠮᠠᠨ ᠤ ᠤᠷᠤᠨ ᠪᠥᠬᠦ ᠪᠥᠮᠪᠥᠷᠴᠡᠭ ᠤᠨ 158 ᠤᠯᠤᠰ ᠲᠠᠢ ᠠᠷᠠᠯᠵᠢᠶᠠᠨ ᠤ | ᠶᠠᠪᠤᠯᠴᠠᠭ᠎ᠠ ᠥᠷᠨᠢᠭᠦᠯᠵᠦ᠂ ᠡᠬᠦᠨ ᠳᠤ 120 ᠠᠷᠠᠯᠵᠢᠶᠠᠨ ᠤ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠨᠡᠮᠡᠭᠳᠡᠯ ᠢ ᠪᠡᠶᠡᠯᠡᠭᠦᠯᠪᠡ᠃ | 2024 ᠣᠨ ᠳᠤ᠂ ᠮᠠᠨ ᠤ ᠤᠷᠤᠨ ᠤ ᠭᠠᠳᠠᠭᠠᠳᠤ ᠠᠷᠠᠯᠵᠢᠶᠠᠨ ᠤ ᠪᠦᠲᠦᠴᠡ᠂ ᠦᠢᠯᠡᠳᠬᠦᠨ ᠤ ᠪᠦᠲᠦᠴᠡ | ᠲᠠᠰᠤᠷᠠᠯᠲᠠ ᠥᠬᠡᠶ ᠰᠢᠯᠢᠳᠡᠭᠵᠢᠵᠦ᠂ ᠳᠡᠭᠡᠳᠦ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠲᠦᠷᠭᠡᠨ | ᠨᠡᠮᠡᠭᠳᠡᠵᠦ᠂ ︽ᠰᠢᠨ᠎ᠡ ᠭᠤᠷᠪᠠᠨ ᠵᠦᠢᠯ︾ ᠤᠨ ᠦᠢᠯᠡᠳᠬᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ | ᠵᠡᠷᠭᠡ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠨ ᠬᠥᠭᠵᠢᠪᠡ᠃ ᠡᠭᠦᠨ ᠤ ᠬᠠᠮᠲᠤ | ᠲᠥᠷᠥ ᠶᠢᠨ ᠪᠣᠳᠣᠯᠭ᠎ᠠ ᠳᠤ ᠬᠦᠴᠦᠲᠡᠶ ᠲᠦᠯᠬᠢᠴᠡ ᠬᠦᠴᠦᠨ ᠬᠠᠩᠭᠠᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ | ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠵᠡᠷᠭᠡ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠦᠭᠰᠡᠨ ᠠᠴᠠ ᠦᠷ᠎ᠡ ᠨᠥᠯᠥᠭᠡ ᠢᠯᠡᠳᠳᠡ ᠪᠤᠯᠵᠦ᠂ ᠮᠠᠨ ᠤ ᠤᠷᠤᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠤᠭ᠎ᠠ ᠬᠡᠮᠵᠢᠶ᠎ᠡ | ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 3500 ᠭᠠᠷᠤᠶ ᠠᠵᠤ ᠠᠬᠤᠶᠢᠯᠠᠯ ᠳᠤ ᠬᠥᠷᠪᠡ᠃ | ︽2025 ᠣᠨ ᠳᠤ᠂ ᠮᠠᠨ ᠤ ᠤᠷᠤᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠲᠤᠯᠭᠠᠷᠠᠬᠤ | ᠭᠠᠳᠠᠭᠠᠳᠤ ᠣᠷᠴᠢᠨ ᠨᠠᠩ ᠪᠤᠳᠤᠯᠢᠶᠠᠨᠲᠠᠶ᠂ ᠲᠣᠭᠲᠠᠪᠤᠷᠢ ᠥᠬᠡᠶ᠂ ᠲᠣᠭᠲᠠᠭᠤᠨ ᠪᠤᠰᠤ ᠬᠦᠴᠦᠨ ᠵᠦᠢᠯ ᠨᠡᠮᠡᠭᠳᠡᠵᠤ | ᠪᠤᠢ᠂ ᠭᠡᠪᠡᠴᠦ ᠮᠠᠨ ᠤ ᠤᠷᠤᠨ ᠤ ᠠᠵᠤ ᠠᠬᠤᠶ ᠶᠢᠨ ᠰᠠᠭᠤᠷᠢ ᠲᠣᠭᠲᠠᠭᠤᠨ᠂ ᠤᠶᠠᠨ ᠬᠠᠲᠠᠨ ᠴᠢᠨᠠᠷ ᠴᠢᠩᠭ᠎ᠠ᠂ | ᠳᠠᠯᠳᠠ ᠬᠦᠴᠦᠨ ᠶᠡᠭᠡ ᠪᠠᠶᠢᠬᠤ ᠦᠨᠳᠦᠰᠦᠨ ᠪᠠᠶᠢᠳᠠᠯ ᠬᠤᠪᠢᠷᠬᠠᠰᠠᠨ ᠥᠬᠡᠶ᠂ ᠭᠠᠳᠠᠭᠠᠳᠤ ᠠᠷᠠᠯᠵᠢᠶᠠᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠯᠭᠠᠭᠤᠷᠢᠯᠠᠬᠤ ᠬᠦᠴᠦᠨ ᠵᠦᠢᠯ ᠮᠥᠨ ᠬᠦ ᠪᠠᠲᠤ ᠪᠠᠬᠢ ᠪᠠᠶᠢᠭᠰᠠᠭᠠᠷ︾ | ᠬᠡᠵᠤ ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠭᠡᠯ ᠤᠨ ᠵᠠᠳᠠᠯᠤᠯᠲᠠ ᠶᠢᠨ ᠭᠠᠵᠠᠷ ᠤᠨ ᠳᠡᠳ᠋ ᠳᠠᠷᠤᠭ᠎ᠠ ᠵᠧᠤ | ᠰᠢᠶᠤᠤ ᠵᠢᠶᠠᠨ ᠶᠠᠷᠢᠪᠠ᠃ |