1. ᠴᠢᠳᠠᠬᠤ ᠶᠢᠨ ᠬᠢᠷᠢ ᠪᠠᠷ ᠭᠡᠷ ᠲᠡᠭᠡᠨ ᠰᠠᠭᠤᠵᠤ᠂ ᠭᠠᠳᠠᠭᠤᠷ ᠶᠠᠪᠤᠬᠤ ᠦᠭᠡᠢ᠃ 2. ᠭᠠᠳᠠᠨ᠎ᠠ ᠭᠠᠷᠪᠠᠯ ᠵᠠᠷ | ᠮᠡᠳᠡᠭᠡ ᠶᠢᠨ ᠫᠠᠶᠢᠰᠠ᠂ ᠲᠦᠷ ᠴᠠᠭ ᠪᠤᠰᠬᠠᠵᠤ ᠪᠠᠶᠢᠭᠤᠯᠤᠭᠰᠠᠨ ᠪᠠᠷᠢᠯᠭ᠎ᠠ ᠪᠠ ᠬᠥᠭᠰᠢᠨ ᠮᠣᠳᠣ ᠠᠴᠠ ᠬᠤᠯᠠᠬᠠᠨ | ᠪᠠᠶᠢᠵᠤ᠂ ᠤᠨᠠᠵᠤ ᠰᠢᠷᠬᠠᠲᠤᠭᠤᠯᠬᠤ ᠠᠴᠠ ᠵᠠᠶᠢᠯᠠᠰᠭᠢᠬᠦ ᠬᠡᠷᠡᠭᠲᠡᠶ᠃ ᠬᠥᠭᠦᠷᠭᠡ᠂ ᠬᠡᠷ ᠤᠨ ᠰᠠᠷᠠᠪᠴᠢ ᠵᠡᠷᠭᠡ | ᠭᠠᠵᠠᠷ ᠢᠶᠠᠷ ᠥᠩᠭᠡᠷᠡᠬᠦ ᠳᠡᠭᠡᠨ ᠰᠠᠶᠢᠳᠤᠷ ᠠᠵᠢᠭᠯᠠᠨ ᠲᠣᠭᠤᠷᠢᠤ ᠵᠠᠮ ᠢᠶᠠᠷ ᠥᠩᠭᠡᠷᠡᠵᠦ᠂ ᠮᠥᠰᠥ ᠴᠠᠰᠤ ᠬᠠᠶᠢᠯᠵᠤ | ᠪᠠᠭᠤᠭᠠᠳ ᠬᠥᠮᠦᠨ ᠢ ᠰᠢᠷᠬᠠᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ 3. ᠵᠠᠮ ᠬᠠᠷᠢᠯᠴᠠᠭᠠᠨ ᠤ ᠴᠠᠭᠳᠠᠭ᠎ᠠ ᠶᠢᠨ | ᠵᠢᠯᠣᠭᠤᠳᠣᠯᠭ᠎ᠠ ᠶᠢ ᠰᠣᠨᠣᠰᠴᠤ᠂ ᠵᠠᠮ ᠨᠡᠪᠳᠡᠷᠡᠯᠭᠡ ᠶᠢᠨ ᠵᠢᠯᠣᠭᠤᠳᠤᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ | 4. ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠠᠩᠬᠠᠷᠤᠨ | ᠰᠣᠨᠣᠰᠴᠤ᠂ ᠨᠢᠰᠭᠡᠯ ᠤᠨ ᠪᠠᠭᠤᠳᠠᠯ᠂ ᠲᠦᠷᠭᠡᠨ ᠤ ᠵᠠᠰᠠᠮᠠᠯ ᠵᠠᠮ᠂ ᠣᠩᠭᠤᠴᠠ ᠪᠠᠷ ᠭᠠᠲᠤᠯᠬᠤ ᠭᠠᠷᠠᠮ ᠵᠡᠷᠭᠡ ᠶᠢᠨ | ᠠᠶᠠᠯᠠᠯ ᠵᠣᠭᠰᠣᠬᠤ ᠪᠤᠶᠤ ᠪᠢᠲᠡᠭᠦᠮᠵᠢᠯᠡᠬᠦ ᠠᠴᠠ ᠪᠣᠯᠵᠣ ᠭᠠᠳᠠᠭᠰᠢ ᠭᠠᠷᠬᠤ ᠶᠢ ᠰᠠᠭᠠᠲᠠᠭᠠᠬᠤ ᠠᠴᠠ ᠵᠠᠶᠢᠯᠠᠰᠭᠢᠬᠦ | ᠬᠡᠷᠡᠭᠲᠡᠶ᠃ 5. ᠮᠠᠰᠢᠨ ᠲᠡᠷᠭᠡ ᠵᠢᠯᠣᠭᠤᠳᠬᠤ ᠳᠠᠭᠠᠨ ᠠᠯᠭᠤᠷ ᠠᠭᠠᠵᠢᠮ ᠢᠶᠠᠷ ᠵᠢᠯᠣᠭᠤᠳᠬᠤ ᠶᠢᠨ ᠬᠠᠮᠲᠤ ᠡᠮᠦᠨᠡᠬᠢ | ᠲᠡᠷᠭᠡ ᠠᠴᠠ ᠪᠠᠨ ᠵᠠᠶᠢᠲᠠᠶ ᠪᠠᠶᠢᠬᠤ ᠬᠡᠷᠡᠭᠲᠡᠶ᠃ ᠲᠡᠷᠭᠡ ᠮᠤᠷᠤᠢ ᠵᠠᠮ ᠳᠤ ᠤᠷᠤᠬᠤ ᠠᠴᠠ ᠪᠠᠨ ᠡᠮᠦᠨ᠎ᠡ | ᠬᠤᠷᠳᠤᠴᠠ ᠪᠠᠨ ᠤᠷᠢᠳᠴᠢᠯᠠᠨ ᠪᠠᠭᠤᠷᠠᠭᠤᠯᠵᠤ᠂ ᠲᠣᠷᠮᠣᠰᠤᠯᠠᠭᠤᠷ ᠢᠶᠠᠨ ᠤᠬᠵᠤᠮ ᠭᠢᠰᠭᠢᠬᠦ ᠠᠴᠠ ᠵᠠᠶᠢᠯᠠᠰᠭᠢᠬᠦ | ᠬᠡᠷᠡᠭᠲᠡᠶ᠃ ᠨᠥᠬᠦᠴᠡᠯ ᠲᠠᠢ ᠪᠣᠯ ᠭᠤᠯᠭᠤᠬᠤ ᠠᠴᠠ ᠰᠡᠷᠭᠡᠶᠢᠯᠡᠬᠦ ᠭᠢᠨᠵᠢ ᠲᠠᠭᠠᠷᠠᠭᠤᠯᠵᠤ᠂ ᠥᠩᠭᠡᠲᠦ ᠰᠢᠯ ᠵᠡᠭᠦᠬᠦ | ᠬᠡᠷᠡᠭᠲᠡᠶ᠃ 6. ᠵᠠᠮ ᠬᠠᠷᠢᠯᠴᠠᠭᠠᠨ ᠤ ᠡ᠊ᠨᠳᠡᠯ ᠭᠠᠷᠤᠭᠰᠠᠨ ᠤ ᠲᠠᠷᠠᠭ᠎ᠠ᠂ ᠲᠤᠬᠠᠶ ᠶᠢᠨ ᠲᠠᠯᠠᠪᠤᠷ ᠤᠨ ᠠᠷᠤ | ᠲᠠᠯ᠎ᠠ ᠪᠠᠷ ᠢᠯᠡᠷᠬᠡᠶ ᠲᠡᠮᠳᠡᠭ ᠲᠠᠯᠪᠢᠵᠤ᠂ ᠵᠠᠯᠭᠠᠯᠳᠤᠭ᠎ᠠ ᠪᠠᠷ ᠲᠡᠷᠭᠡᠨ ᠡ᠊ᠨᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ | 7. ᠮᠠᠯᠵᠢᠬᠤ ᠲᠠᠷᠢᠶᠠᠯᠠᠬᠤ ᠣᠷᠣᠨ ᠠᠮᠤ ᠬᠦᠨᠡᠰᠦ ᠡᠪᠡᠰᠦ ᠪᠣᠷᠳᠤᠭ᠎ᠠ ᠪᠠᠨ ᠰᠠᠶᠢᠲᠤᠷ ᠨᠦᠬᠡᠴᠡᠯᠡᠵᠤ᠂ ᠮᠠᠯ | ᠤᠨᠤᠭ᠎ᠠ ᠪᠠᠨ ᠬᠠᠰᠢᠶᠠᠨ ᠳᠠᠭᠠᠨ ᠳᠡᠵᠢᠭᠡᠪᠡᠯ ᠵᠤᠬᠢᠰᠳᠠᠢ᠃ ᠲᠠᠷᠢᠮᠠᠯ ᠳᠤ ᠬᠥᠯᠳᠡᠬᠦ ᠠᠴᠠ ᠰᠡᠷᠭᠡᠶᠢᠯᠡᠬᠦ ᠠᠷᠭ᠎ᠠ | ᠬᠡᠮᠵᠢᠶ᠎ᠡ ᠠᠪᠴᠤ᠂ ᠬᠥᠯᠳᠡᠵᠤ ᠬᠤᠬᠢᠷᠠᠯ ᠳᠤ ᠤᠴᠠᠷᠠᠬᠤ ᠠᠴᠠ ᠰᠡᠷᠭᠡᠶᠢᠯᠡᠬᠦ ᠬᠡᠷᠡᠭᠲᠡᠶ᠃ ᠬᠠᠮᠤᠭ ᠰᠡᠭᠦᠯ ᠳᠤ᠂ | ᠣᠯᠠᠨ ᠢᠶᠠᠷ ᠢᠶᠠᠨ ᠬᠠᠮᠤᠭ ᠰᠢᠨ᠎ᠡ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠭᠡᠷᠡᠶ᠃ | |