ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠶᠠᠭᠠᠷᠠᠯᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/3/13
   ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠨᠢ ᠠᠮᠤ ᠪᠤᠳᠠᠭᠠᠨ ᠤ ᠠᠮᠤᠷ ᠲᠦᠪᠰᠢᠨ ᠤ ᠶᠡᠭᠡ ᠲᠠᠯ᠎ᠠ ᠳᠤ ᠬᠤᠯᠪᠣᠭᠳᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠷᠲᠡ ᠪᠠᠶᠢᠷᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠲᠡᠮᠡᠴᠡᠵᠦ᠂ ᠲᠠᠷᠢᠶᠠᠯᠠᠬᠤ ᠴᠠᠭ ᠢ ᠠᠮᠵᠢᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠨᠠᠭᠠᠴᠢᠯᠠᠭᠠᠲᠤ ᠡᠷᠬᠡ ᠶᠢ ᠣᠯᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠭᠠᠵᠠᠷ ᠲᠤ᠂ ᠰᠤᠷᠪᠤᠯᠵᠢᠯᠠᠭᠴᠢ ᠡᠯ᠎ᠡ ᠵᠦᠢᠯ ᠤᠨ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠦᠷ᠎ᠡ᠂ ᠬᠢᠮᠢ ᠶᠢᠨ ᠪᠣᠷᠳᠣᠭᠤᠷ ᠵᠡᠷᠭᠡ ᠶᠢᠨ ᠬᠥᠮᠥᠷᠭᠡ ᠪᠠᠷ ᠳᠦᠭᠦᠷᠴᠦ᠂ ᠬᠤᠳᠠᠯᠳᠤᠨ ᠠᠪᠬᠤ ᠪᠠᠷ ᠢᠷᠡᠭᠰᠡᠨ ᠮᠠᠯᠴᠢᠨ ᠲᠠᠷᠢᠶᠠᠴᠢᠨ ᠲᠠᠰᠤᠷᠠᠯᠲᠠ ᠥᠬᠡᠶ ᠣᠯᠠᠰᠢᠷᠠᠵᠤ ᠪᠠᠶᠢᠬᠤ ᠶᠢ ᠣᠯᠵᠤ ᠬᠠᠷᠠᠵᠤ᠂ ᠡᠵᠡᠩᠨᠡᠨ ᠪᠣᠷᠣᠯᠠᠭᠤᠯᠬᠤ ᠭᠠᠵᠠᠷ ᠤᠨ ᠬᠠᠷᠢᠭᠤᠴᠠᠯᠭᠠᠲᠠᠨ ᠠᠳᠠᠯᠢ ᠪᠤᠰᠤ ᠡᠭᠦᠯᠳᠡᠷ ᠤᠨ ᠦᠷ᠎ᠡ ᠪᠠ ᠬᠢᠮᠢ ᠶᠢᠨ ᠪᠣᠷᠳᠣᠭᠤᠷ ᠢ ᠬᠦᠯᠢᠴᠡᠩᠭᠦᠢ ᠪᠠᠷ ᠲᠠᠨᠢᠯᠴᠠᠭᠤᠯᠬᠤ ᠶᠢᠨ ᠬᠠᠮᠲᠤ ᠪᠠᠷᠠᠭ᠎ᠠ ᠲᠡᠭᠡᠭᠡᠵᠦ ᠲᠡᠷᠭᠡᠨ ᠳᠤ ᠭᠠᠷᠬᠤ ᠶᠢ ᠬᠠᠪᠰᠤᠷᠤᠭᠰᠠᠨ ᠪᠠᠶᠢᠨ᠎ᠠ᠃ ᠳᠡᠯᠭᠡᠭᠦᠷ ᠤᠨ ᠡᠵᠡᠨ ᠤ ᠲᠠᠨᠢᠯᠴᠠᠭᠤᠯᠤᠭᠰᠠᠨ ᠢᠶᠠᠷ᠂ ᠴᠠᠭᠠᠨ ᠰᠠᠷ᠎ᠠ ᠶᠢᠨ ᠳᠠᠷᠠᠭ᠎ᠠ ᠨᠢᠭᠡᠨᠲᠡ 2000 ᠭᠠᠷᠤᠢ ᠲᠣᠨ᠂ 30 ᠲᠦᠮᠡᠨ ᠵᠢᠩ ᠬᠢᠮᠢ ᠶᠢᠨ ᠪᠣᠷᠳᠣᠭᠤᠷ ᠢ ᠨᠥᠭᠡᠴᠡᠯᠡᠬᠦ ᠶᠢᠨ ᠬᠠᠮᠲᠤ ︽ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠪᠠᠷᠠᠭ᠎ᠠ ᠬᠦᠷᠭᠡᠵᠦ ᠲᠠᠷᠢᠶᠠᠨ ᠭᠠᠵᠠᠷ ᠲᠤ ᠬᠦᠷᠭᠡᠬᠦ︾ ᠦᠢᠯᠡᠴᠢᠯᠡᠭᠡ ᠶᠢ ᠨᠡᠪᠲᠡᠷᠡᠭᠦᠯᠵᠦ᠂ ᠣᠳᠣᠬᠠᠨ ᠳᠤ ᠡᠳᠦᠷ ᠪᠦᠷᠢ ᠳᠤᠮᠳᠠᠴᠢ ᠪᠠᠷ 35 ᠲᠣᠨ ᠬᠢᠮᠢ ᠶᠢᠨ ᠪᠣᠷᠳᠣᠭᠤᠷ ᠢ ᠪᠣᠷᠣᠯᠠᠭᠤᠯᠵᠤ᠂ 7500 ᠵᠢᠩ ᠦᠷ᠎ᠡ ᠶᠢ ᠨᠢ ᠳᠠᠪᠠᠵᠠᠢ᠃ ᠲᠠᠷᠢᠮᠠᠯ ᠤᠨ ᠡᠷᠦᠬᠡ ᠶᠢᠨ ᠬᠤᠤ ᠰᠧ ᠪᠠᠢ ᠯᠠ᠄ ︽ᠪᠢ ᠡᠨᠡ ᠵᠢᠯ 300 ᠭᠠᠷᠤᠢ ᠮᠦ ᠲᠠᠷᠢ᠊ ᠡᠶ᠎ᠡ ᠲᠠᠷᠢᠵᠤ᠂ ᠬᠠᠷ᠎ᠠ ᠡᠷᠲᠡ ᠡᠨᠡ ᠬᠦ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠲᠤ ᠢᠷᠡᠵᠦ ᠦᠷ᠎ᠡ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠪᠢ 180 ᠤᠭᠤᠲᠠ ᠬᠢᠮᠢ ᠶᠢᠨ ᠪᠣᠷᠳᠣᠭᠤᠷ ᠬᠤᠳᠠᠯᠳᠤᠨ ᠠᠪᠬᠤ ᠬᠡᠷᠡᠭᠲᠡᠢ᠂ ᠪᠠᠰᠠ 150 ᠤᠭᠤᠲᠠ ᠦᠷ᠎ᠡ ᠪᠠᠶᠢᠵᠤ᠂ ᠡᠨᠡ ᠵᠢᠯ ᠰᠡᠶᠢᠠ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃   ᠲᠠᠷᠢᠶᠠᠯᠠᠩ ᠤᠨ ᠮᠠᠰᠢᠨ ᠪᠠᠭᠠᠵᠢ ᠶᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠠ᠃ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠥᠷᠲᠡᠭᠡ ᠳᠤ᠂ ᠲᠠᠷᠢᠶᠠᠯᠠᠩ ᠤᠨ ᠮᠠᠰᠢᠨᠴᠢᠳ ᠲᠷᠠᠺᠲ᠋ᠣᠷ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠵᠡᠷᠭᠡ ᠲᠥᠬᠦᠭᠡᠷᠦᠮᠵᠢ ᠶᠢ ᠱᠠᠯᠠᠪᠳᠠᠨ ᠪᠠᠶᠢᠴᠠᠭᠠᠨ ᠵᠠᠰᠠᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ︽ᠰᠠᠭᠠᠳ ᠦᠭᠡᠢ︾ ᠠᠵᠢᠯᠯᠠᠬᠤ ᠶᠢ ᠦᠨᠡᠨ ᠬᠦ ᠪᠠᠲᠤᠯᠠᠵᠤ ᠪᠠᠶᠢᠨ᠎ᠠ᠃ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠥᠷᠲᠡᠭᠡᠨ ᠤ ᠳᠠᠷᠤᠭ᠎ᠠ ᠰᠢ ᠷᠧᠨ ᠵᠢᠶᠧ᠄ ︽ᠡᠨᠡ ᠵᠢᠯ ᠬᠠᠪᠤᠷ ᠠᠴᠠ ᠡᠮᠦᠨ᠎ᠡ᠂ ᠪᠢ ᠠᠳᠡ ᠵᠠᠭᠤ ᠭᠠᠷᠤᠢ ᠡᠷᠭᠢᠯᠳᠦᠨ ᠬᠠᠭᠠᠯᠪᠤᠷᠢᠯᠠᠬᠤ ᠮᠠᠰᠢᠨ᠂ ᠪᠣᠭᠤᠵᠢᠯᠠᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠵᠤ᠂ ᠣᠳᠣ ᠡᠳᠦᠷ ᠲᠤ ᠪᠠᠰᠠ ᠠᠷᠪᠠ ᠭᠠᠷᠤᠢ ᠰᠠᠭᠤᠷᠢ ᠪᠠᠶᠢᠴᠠᠭᠠᠨ ᠰᠡᠯᠪᠢᠵᠦ᠂ ᠪᠠᠶᠢᠴᠠᠭᠠᠨ ᠰᠡᠯᠪᠢᠬᠦ ᠪᠠᠷ ᠳᠠᠮᠵᠢᠭᠤᠯᠵᠤ᠂ ᠲᠠᠷᠢᠶᠠᠯᠠᠩ ᠤᠨ ᠮᠠᠰᠢᠨ ᠪᠠᠭᠠᠵᠢ ᠶᠢᠨ ᠰᠠᠭᠠᠳ ᠨᠤᠷᠮ᠎ᠠ ᠶᠢ ᠪᠠᠭᠠᠰᠬᠠᠵᠤ᠂ ᠮᠠᠨ ᠤ ᠠᠷᠠᠳ ᠣᠯᠠᠨ ᠢ ᠰᠠᠨᠠᠭ᠎ᠠ ᠠᠮᠤᠷ ᠳᠠᠷᠢᠶ᠎ᠠ ᠲᠠᠷᠢᠵᠤ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠶᠢᠯᠭᠠᠶ᠎ᠠ︾ ᠭᠡᠵᠦ ᠬᠡᠯᠡᠪᠡ᠃    ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠮᠢ ᠶᠢᠨ ᠪᠣᠷᠳᠣᠭᠤᠷ ᠤᠨ ᠬᠠᠩᠭᠠᠬᠤ ᠨᠣᠷᠮ᠎ᠠ 40% ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠲᠣᠭᠲᠠᠭᠤᠨ ᠤ ᠳᠤᠮᠳᠠ ᠳᠡᠭᠡᠭᠰᠢᠯᠡᠵᠦ᠂ ᠵᠢᠱᠢᠯᠲᠡ ᠪᠠᠷ 4 ᠰᠠᠷ᠎ᠠ ᠶᠢᠨ ᠳᠤᠮᠳᠠᠴᠢ ᠪᠠᠷ 100% ᠳᠤ ᠬᠦᠷᠬᠦ ᠪᠣᠯᠤᠨ᠎ᠠ᠃ ᠡᠭᠦᠨ ᠤ ᠬᠠᠮᠲᠤ᠂ ᠪᠦᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠲᠷᠠᠺᠲ᠋ᠣᠷ 3.4 ᠲᠦᠮᠡ ᠠᠴᠠ ᠳᠡᠭᠡᠭᠰᠢ ᠪᠠᠶᠢᠵᠤ᠂ ᠢᠵᠢ ᠪᠦᠷᠢᠳᠦᠭᠦᠯᠬᠦ ᠲᠠᠷᠢᠶᠠᠯᠠᠩ ᠤᠨ ᠮᠠᠰᠢᠨ ᠪᠠᠭᠠᠵᠢ 2 ᠲᠦᠮᠡᠨ ᠰᠠᠤᠷᠢ ︵ᠢᠵᠢ︶ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠷᠢᠮᠦᠰᠦᠨ ᠬᠠᠩᠭᠠᠵᠤ᠂ ᠮᠠᠰᠢᠨ ᠪᠠᠭᠠᠵᠢ ᠶᠢ ᠪᠠᠶᠢᠴᠠᠭᠠᠨ ᠵᠠᠰᠠᠬᠤ ᠠᠵᠢᠯ ᠢ 4 ᠰᠠᠷ᠎ᠠ ᠶᠢᠨ ᠡᠬᠢ ᠪᠠᠷ ᠪᠡᠶᠡᠯᠡᠭᠦᠯᠬᠦ ᠪᠠᠷ ᠵᠢᠱᠢᠵᠦ ᠪᠤᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠭᠤᠸ᠎ᠠ ᠬᠡᠯᠡᠬᠦ ᠳᠡᠭᠡᠨ᠄ ︽ᠪᠦᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠪᠠ ᠦᠨ᠎ᠡ ᠬᠠᠩᠰᠢ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠦᠷ᠎ᠡ ᠶᠢᠨ ᠬᠢᠮᠢ ᠶᠢᠨ ᠪᠣᠷᠳᠣᠭᠤᠷ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠲᠠᠷᠢᠶᠠᠯᠠᠩ ᠤᠨ ᠮᠠᠰᠢᠨ ᠤ ᠬᠡᠷᠡᠭᠯᠡᠯᠲᠡ ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠲᠠᠷᠢᠶᠠᠯᠠᠬᠤ ᠴᠠᠭ ᠤᠨ ᠶᠣᠰᠣᠭᠠᠷ ᠬᠠᠪᠤᠷ ᠤᠨ ᠲᠠᠷᠢᠶᠠᠯᠠᠭ᠎ᠠ ᠬᠢᠬᠦ ᠶᠢ ᠦᠨᠡᠨ ᠬᠦ ᠪᠠᠲᠤᠯᠠᠨ᠎ᠠ ᠭᠡᠪᠡ︾᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号