ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
   3 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠷ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠰᠤᠷᠲᠠᠯ ᠤᠨ ᠬᠤᠪᠢᠷᠠᠯᠲᠠ ᠪᠠᠷ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠠᠵᠤ ᠦᠢᠯᠡᠰ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠪᠦᠲᠦᠮᠵᠢᠲᠡᠢ ᠠᠷᠭ᠎ᠠ ᠬᠡᠮᠵᠢᠶ᠎ᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠤᠯᠤᠰ ᠲᠥᠷᠥ ᠪᠠᠷ ᠶᠡᠷᠦᠩᠬᠡᠶᠢᠯᠡᠨ ᠵᠢᠯᠣᠭᠤᠳᠬᠤ᠂ ᠰᠢᠰᠲ᠋ᠧᠮ ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠢᠯᠡ ᠲᠣᠳᠣ ᠬᠥᠮᠦᠨ ᠬᠡᠷᠡᠭᠯᠡᠬᠦ ᠤᠳᠤᠷᠢᠳᠤᠮᠵᠢ ᠪᠠᠷ ᠬᠦᠴᠦᠨ ᠢᠶᠠᠨ ᠲᠥᠪᠯᠡᠷᠡᠭᠦᠯᠵᠦ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠲᠣᠭᠲᠠᠴᠠ ᠪᠠᠷ ᠬᠠᠮᠠᠭᠠᠯᠠᠵᠤ᠂ ᠺᠠᠳ᠋ᠷ ᠤᠨ ᠡᠩᠨᠡᠭᠡᠨ ᠤ ᠤᠯᠤᠰ ᠲᠥᠷᠥ ᠶᠢᠨ ᠬᠡᠪ ᠪᠣᠯᠪᠠᠰᠤᠷᠠᠯ ᠪᠣᠯᠤᠨ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠨᠢᠭᠡᠳᠦᠮᠡᠯ ᠹᠷᠣᠨᠲ ᠤᠨ ᠬᠦᠴᠦᠨ ᠢᠶᠠᠨ ᠲᠥᠪᠯᠡᠷᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠲᠦᠷᠦᠯ ᠲᠡᠮᠳᠡᠭ ᠢ ᠡᠭᠦᠳᠬᠦ ᠪᠠ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠢᠰᠲ᠋ᠧᠮ ᠲᠠᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠤᠯᠤᠰ ᠲᠥᠷᠥ ᠶᠢᠨ ᠰᠠᠭᠤᠷᠢ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠠᠵᠢᠯ ᠤᠨ ᠭᠤᠣᠯ ᠰᠢᠵᠢᠮ ᠢ ᠡᠷᠡᠰ ᠲᠤᠤᠱᠯᠠᠭᠤᠯᠤᠨ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠠᠭᠤᠰᠤᠯᠴᠠᠭᠤᠯᠵᠤ᠂ ︽ᠬᠤᠶᠠᠷ ᠲᠣᠭᠤᠷᠢᠭ ᠨᠢᠭᠡ ᠴᠣᠩᠬᠤᠪᠴᠢ︾ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢᠨ ᠦᠢᠯᠡᠳᠦᠯᠭᠡ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠤᠬᠠᠮᠰᠠᠷ ᠠᠴᠠ ᠪᠠᠨ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠦᠬᠦ ᠲᠠᠯ᠎ᠠ ᠳᠤ ᠲᠠᠯᠪᠢᠵᠤ᠂ ᠥᠪᠡᠷ ᠤᠨ ᠪᠠᠶᠢᠷᠢᠰᠢᠯ ᠤᠨ ᠴᠡᠭ᠂ ᠠᠵᠢᠯ ᠤᠨ ᠬᠦᠴᠦᠯᠡᠬᠦ ᠴᠡᠭ᠂ ᠬᠥᠭᠵᠢᠯᠲᠡ ᠳᠤ ᠦᠢᠯᠡᠴᠢᠯᠡᠬᠦ ᠤᠶᠠᠯᠳᠤᠯ ᠤᠨ ᠴᠡᠭ ᠢ ᠣᠨᠣᠪᠴᠢᠲᠠᠢ ᠡᠷᠢᠨ ᠣᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠠᠵᠢᠯ ᠢ ᠭᠦᠨᠵᠡᠭᠡᠢ ᠠᠭᠤᠰᠤᠯᠴᠠᠭᠤᠯᠵᠤ᠂ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠷᠠᠯ ᠠᠴᠠ 2024 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠪᠥᠭᠡᠳ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠰᠢᠭᠤᠨ ᠤ ᠤᠳᠤᠷᠢᠳᠤᠯᠭ᠎ᠠ ᠪᠦᠦ ᠬᠥᠭᠵᠢᠯᠲᠦ᠂ ᠴᠡᠩᠭᠡᠯᠳᠦ᠂ ᠲᠦᠩ ᠬᠤᠩ ᠶᠠᠨ᠂ ᠴᠧᠨ ᠴᠢᠩ ᠬᠤᠸᠠ ᠨᠠᠷ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号