ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ | ᠸᠠᠩ ᠯᠢ ᠰᠢᠶᠠ ᠵᠠᠩ ᠶᠠᠨ ᠺᠦᠨ ᠣᠷᠣᠯᠴᠠᠵᠠᠢ | 3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ | ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ | ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ | ᠶᠡᠷᠦᠩᠬᠡᠶ ᠠᠩᠭᠢ ᠶᠢᠨ ᠬᠤᠰᠢᠭᠤᠴᠢ ᠭᠧᠨᠧᠷᠠᠯ ᠺᠣᠮᠠᠨᠳ᠋ᠯᠠᠭᠴᠢ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ | ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠵᠠᠶ᠃ | ᠰᠦᠨ ᠱᠤᠤ ᠴᠧᠩ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠳᠤ ᠬᠤᠷᠠᠯᠳᠤᠭᠰᠠᠨ ᠨᠢᠭᠡ ᠤᠳᠠᠭ᠎ᠠ ᠶᠢᠨ ᠮᠠᠰᠢ | ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠪᠦᠯᠬᠦᠮ | ᠳᠤᠭᠤᠶᠢᠯᠠᠩ ᠳᠤ ᠲᠠᠯᠪᠢᠭᠰᠠᠨ ᠴᠢᠬᠤᠯᠠ ᠶᠠᠷᠢᠶ᠎ᠠ ᠨᠢ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠳᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠢ | ᠭᠡᠪᠡ᠃ | ᠰᠦᠨ ᠱᠤᠤ ᠴᠧᠩ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠨᠢᠳᠤᠨᠤᠨ ᠮᠠᠨ ᠤ ᠤᠯᠤᠰ ᠤᠨ ᠬᠥᠭᠵᠢᠯᠲᠡ ᠨᠠᠷᠢᠨ ᠪᠤᠳᠤᠯᠢᠶᠠᠨᠲᠠᠢ ᠬᠦᠨᠳᠦ | ᠬᠡᠴᠡᠬᠦᠦ ᠪᠠᠶᠢᠳᠠᠯ ᠳᠣᠣᠷ᠎ᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠠᠢ᠃ ᠡᠨᠡ | ᠵᠢᠯ ᠤᠨ ᠤᠯᠤᠰ ᠤᠨ ᠬᠤᠷᠸ᠎ᠠ ᠬᠠᠷᠠᠯᠲᠠ ᠨᠢ ᠬᠦᠴᠢᠷ ᠢ ᠰᠦᠷᠦᠨ ᠴᠢᠷᠮᠠᠶᠢᠨ ᠤᠷᠤᠭᠰᠢᠯᠠᠵᠤ ᠵᠢᠳᠭᠦᠯ ᠴᠢᠷᠮᠠᠶᠢᠯᠭ᠎ᠠ | ᠭᠠᠷᠭᠠᠬᠤ ᠢᠯᠡ ᠲᠣᠳᠣ ᠤᠳᠤᠷᠢᠳᠤᠮᠵᠢ ᠶᠢ ᠳᠤᠪᠤᠶᠢᠯᠭᠠᠵᠤ᠂ ᠮᠠᠨ ᠤ ᠤᠯᠤᠰ ᠤᠨ ᠠᠵᠤ ᠠᠬᠤᠢ ᠮᠥᠨ ᠬᠦ ︽ | ᠦᠩᠭᠡ ᠦᠵᠡᠮᠵᠢ ᠠᠳᠡ ᠯᠡ ᠭᠤᠶᠤᠬᠠᠨ︾ ᠪᠠᠶᠢᠬᠤ ᠶᠢ ᠪᠠᠳᠤᠯᠠᠬᠤ ᠪᠣᠯᠤᠨ᠎ᠠ᠃ ᠪᠦᠬᠦ ᠤᠯᠤᠰ ᠤᠨ ᠪᠠᠶᠢᠳᠠᠯ | ᠰᠠᠶᠢᠨ ᠪᠣᠯ ᠮᠠᠨ ᠤ ᠥᠪᠥᠷ ᠮᠣᠩᠭᠤᠯ ᠨᠡᠩ ᠰᠠᠶᠢᠨ ᠪᠣᠯᠤᠨ᠎ᠠ᠃ ᠳᠠᠬᠢᠨᠲᠠ ᠰᠢᠯᠢᠳᠡᠭ ᠠᠮᠵᠢᠯᠲᠠ ᠪᠦᠲᠦᠮᠵᠢ | ᠭᠠᠷᠭᠠᠬᠤ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠵᠤ᠂ ᠪᠦᠬᠦ ᠤᠯᠤᠰ ᠤᠨ ᠬᠤᠶᠠᠷ ᠬᠤᠷᠠᠯ ᠠᠴᠠ | ᠲᠠᠯᠪᠢᠭᠰᠠᠨ ᠲᠦᠷᠦ ᠶᠢᠨ ᠪᠤᠳᠤᠯᠭ᠎ᠠ ᠶᠢᠨ ᠠᠰᠢᠭ ᠢ ᠰᠠᠶᠢᠲᠤᠷ ᠠᠰᠢᠭᠯᠠᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ | ᠰᠠᠶᠢᠨ ᠡᠬᠢᠯᠡᠯᠳᠡ︾᠂ ︽ᠪᠦᠬᠦ ᠵᠢᠯ ᠳᠡᠭᠡᠨ ᠰᠠᠶᠢᠨ ᠦᠷ᠎ᠠ ᠪᠦᠲᠦᠮᠵᠢ ᠤᠯᠬᠤ︾ ᠶᠢ ᠴᠢᠷᠮᠠᠶᠢᠨ ᠪᠡᠶᠡᠯᠡᠭᠦᠯᠵᠦ᠂ | ᠬᠤᠶᠠᠷ ᠶᠡᠭᠡ ᠶᠠᠪᠤᠳᠠᠯ ᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃ | ᠰᠦᠨ ᠱᠤᠤ ᠴᠧᠩ᠂ ᠪᠥᠬᠦ ᠤᠯᠤᠰ ᠤᠨ ᠬᠤᠶᠠᠷ ᠬᠤᠷᠠᠯ ᠳᠤ ᠲᠣᠳᠣᠷᠬᠠᠶ ᠲᠣᠭᠲᠠᠭᠠᠭᠰᠠᠨ ᠬᠤᠷᠸ᠎ᠠ | ᠲᠥᠷᠥ ᠶᠢᠨ ᠪᠣᠳᠣᠯᠭ᠎ᠠ ᠶᠢᠨ ᠦᠨ᠎ᠡ ᠥᠷᠲᠡᠭ ᠨᠢ ᠮᠠᠰᠢ ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠢᠭᠡ | ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠳᠤ ᠮᠠᠰᠢ ᠠᠰᠢᠭᠲᠠᠶ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠳᠠᠷᠤᠢ ᠲᠦᠷᠬᠡᠨ ᠬᠥᠳᠡᠯᠦᠯᠴᠡᠵᠦ᠂ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠪᠢᠴᠢᠭ ᠮᠠᠲ᠋ᠧᠷᠢᠶᠠᠯ ᠢ | ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠦᠭᠡ ᠥᠭᠦᠯᠡᠪᠦᠷᠢ ᠶᠢᠨ ᠳᠣᠲᠣᠷᠠᠬᠢ ᠲᠥᠷᠥ ᠶᠢᠨ ᠪᠣᠳᠣᠯᠭ᠎ᠠ ᠶᠢᠨ | ᠵᠣᠷᠢᠯᠲᠠ ᠶᠢ ᠰᠡᠳᠭᠢᠯ ᠳᠡᠯᠪᠢᠨ ᠪᠣᠳᠣᠯᠬᠢᠯᠠᠵᠤ᠂ ᠦᠪᠡᠷ ᠤᠨ ᠤᠷᠤᠨ ᠪᠠᠶᠢᠷᠢ ᠭᠠᠷᠳᠠᠬᠤ ᠴᠡᠭ ᠢᠶᠠᠨ ᠣᠨᠣᠪᠴᠢᠲᠠᠶ | ᠣᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠤᠶᠠᠯᠳᠤᠯ ᠴᠡᠭ ᠢ ᠠᠭᠤᠳᠠᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ︽ᠪᠡᠯᠡ ᠮᠦᠡᠭᠭᠦ | ᠬᠤᠷᠠᠮᠳᠤᠭᠤᠯᠵᠤ︾᠂ ᠤᠯᠠᠨ ᠠᠷᠭ᠎ᠠ ᠬᠡᠮᠵᠢᠶ᠎ᠠ ᠠᠪᠴᠤ ᠪᠡᠯᠡ ᠣᠷᠣᠭᠤᠯᠤᠯᠲᠠ ᠶᠢ ᠥᠷᠭᠡᠳᠭᠡᠬᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠢᠶᠠᠷ ︽ᠭᠤᠷᠪᠠᠨ ᠲᠦᠪᠰᠢᠨ︾ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠳᠡ ᠰᠢᠪᠳᠤᠯᠬᠤ︾ ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃ ᠴᠢᠩᠭ᠎ᠠ ᠠᠳᠬᠤᠵᠤ ᠪᠤᠰᠢᠭᠤ ᠠᠵᠢᠯᠯᠠᠨ ᠰᠢᠨ᠎ᠡ | ᠡᠨᠧᠷᠭᠢ ᠶᠢ ᠬᠥᠭᠵᠢᠭᠦᠯᠵᠦ᠂ ᠡᠨᠧᠷᠭᠢ ᠨᠦᠬᠡᠴᠡᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠤᠪᠤᠶᠢᠮ᠎ᠠ | ᠰᠠᠶᠢᠲᠤᠷ ᠠᠳᠬᠤᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠭᠤᠷᠪᠠᠨ ᠶᠡᠭᠡ | ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠠᠪᠤᠷ ᠤᠨ ᠡᠬᠢᠨ ᠢᠶᠠᠷ ᠲᠡᠭᠷᠢ | ᠲᠤᠯᠠᠭᠠᠷᠠᠮᠠᠭᠴᠠ ᠠᠵᠢᠯ ᠢᠶᠠᠨ ᠡᠬᠢᠯᠡᠭᠦᠯᠵᠦ᠂ ᠡᠮᠦᠨ᠎ᠡ ᠠᠴᠠ ᠤᠮᠠᠷᠠᠰᠢ ᠪᠠᠨ ᠲᠠᠶᠢᠯᠠᠯᠳᠤᠭᠠᠨ ᠢ ᠱᠠᠯᠠᠪᠳᠠᠨ ᠬᠢᠵᠦ᠂ | ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠭᠤᠷᠪᠠᠨ ᠶᠡᠭᠡ ᠡᠯᠡᠰᠦᠨ ᠳᠤ ᠡᠪᠡᠰᠤ ᠮᠤᠳᠤ ᠲᠠᠷᠢᠵᠤ ᠵᠠᠬ᠎ᠠ ᠶᠢ ᠨᠢ | ᠬᠤᠮᠢᠨ ᠨᠡᠶᠢᠯᠡᠭᠦᠯᠬᠦ ᠢᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ ᠭᠤᠤᠯ ᠤᠨ ︽ᠶᠡᠭᠡ ᠲᠤᠬᠤᠢ︾ | ᠢᠢᠨ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠬᠡᠷᠡᠯᠴᠢ ᠴᠡᠨᠡᠭ ᠢᠶᠠᠷ ᠡᠯᠡᠰᠦ ᠶᠢ | ᠵᠠᠰᠠᠬᠤ ᠪᠦᠰᠡ᠂ ᠬᠥᠪᠡᠭᠡ ᠵᠠᠬ᠎ᠠ ᠶᠢ ᠪᠢᠲᠡᠭᠦᠮᠵᠢᠯᠡᠬᠦ ᠣᠶ ᠶᠢᠨ ︽ᠳᠥᠷᠪᠡᠨ ᠶᠡᠭᠡ ᠬᠤᠷᠢᠭᠯᠠᠯᠲᠠ ᠶᠢᠨ ᠱᠤᠭᠤᠮ︾ | ᠢ ᠪᠠᠬᠢᠵᠢᠭᠦᠯᠵᠦ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ | ᠳᠠᠶᠢᠯᠠᠯᠳᠤᠭᠠᠨ ᠤ ᠠᠬᠢᠴᠠ ᠶᠢ ᠲᠦᠷᠭᠡᠳᠭᠡᠵᠦ᠂ ᠳᠡᠭᠡᠷ᠎ᠠ ᠳᠤᠤᠷ᠎ᠠ ᠱᠠᠲᠤ ᠪᠠᠷ ᠢᠶᠠᠨ ᠬᠤᠯᠪᠣᠭᠠᠯᠠᠨ ᠨᠢᠭᠡ ᠯᠡ | ᠠᠮᠢᠰᠬᠤᠭ᠎ᠠ ᠪᠠᠷ ᠨᠡᠩ ᠶᠡᠭᠡ ᠦᠷ᠎ᠡ ᠪᠦᠳᠦᠮᠵᠢ ᠤᠯᠬᠤ ᠬᠡᠷᠡᠭᠳᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢ | ᠤᠭᠳᠤ ᠰᠤᠯᠠᠷᠠᠭᠤᠯᠤᠯ ᠦᠭᠡᠢ ᠠᠷᠢᠯᠭᠠᠵᠤ᠂ ᠠᠶᠤᠯ ᠲᠦᠭᠰᠢᠭᠦᠷᠢ ᠶᠢ ᠦᠷᠭᠦᠯᠵᠢᠯᠡᠨ ᠠᠷᠢᠯᠭᠠᠬᠤ ᠬᠡᠷᠡᠭᠲᠡᠢ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠶᠤᠯᠭᠦᠢ | ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠦᠷᠦᠯ ᠤᠨ ᠠᠰᠠᠭᠤᠳᠠᠯ ᠢ | ᠪᠦᠬᠦ ᠬᠦᠴᠦᠨ ᠢᠶᠠᠷ ᠢᠶᠠᠨ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠶ᠊ | ᠡᠶ᠎ᠡ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ | ᠵᠥᠪᠯᠡᠯᠭᠡᠨ᠂ ᠰᠢᠭᠦᠬᠦ ᠬᠤᠷᠶ᠊ ᠡᠶ᠎ᠡ ᠪᠠ ᠪᠠᠶᠢᠴᠠᠭᠠᠬᠤ ᠬᠤᠷᠢᠶ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ | ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ | ᠤᠯᠤᠰ ᠲᠦᠷᠦ ᠶᠢᠨ ᠵᠥᠪᠯᠡᠯᠭᠡᠨ ᠪᠠ ᠰᠢᠭᠦᠬᠦ ᠬᠤᠷᠶ᠊ ᠡᠶ᠎ᠡ ᠪᠠᠶᠢᠴᠠᠭᠠᠬᠤ ᠬᠤᠷᠶ᠊ ᠡᠶ᠎ᠡ ᠶᠢᠨ ᠬᠠᠤᠯᠢ ᠲᠦᠷᠢᠮ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠦᠬᠦ ᠬᠦᠴᠦ ᠪᠠᠷ ᠢᠶᠠᠨ ᠳᠡᠮᠵᠢᠬᠦ ᠬᠡᠷᠡᠭᠲᠡᠢ ᠭᠡᠵᠦ | ᠬᠡᠯᠡᠪᠡ᠃ | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ | ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ | | |