ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠷ ᠪᠣᠯᠪᠠᠰᠤᠷᠠᠭᠤᠯᠤᠯ ᠬᠢᠵᠦ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/14
   ᠣᠶᠢᠷ᠎ᠠ ᠳᠤ᠂ ᠥᠪᠥᠷ ᠮᠣᠩᠭᠤᠯ ᠤᠨ ᠵᠦᠩ ᠶᠠᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠪᠦᠬᠦ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ᠡᠷᠳᠡᠨᠢ ᠰᠢᠰᠢ ᠲᠠᠷᠢᠬᠤ ᠲᠠᠷᠢᠶᠠᠴᠢᠨ ᠡᠷᠦᠬᠡ ᠶᠢᠨ 40 ᠭᠠᠷᠤᠢ ᠰᠤᠷᠤᠭᠴᠢ ᠲᠤᠬᠠᠢ ᠶᠢᠨ ᠲᠠᠯᠠᠪᠠᠢ ᠳᠤ ᠰᠣᠨᠣᠰᠴᠤ᠂ 2025 ᠣᠨ ᠳᠤ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠠᠭᠤᠷ ᠠᠮᠢᠰᠬᠤᠯ ᠤᠨ ᠣᠨᠴᠠᠯᠢᠭ ᠲᠤ ᠴᠢᠭᠯᠡᠭᠦᠯᠦᠨ᠂ ᠲᠠᠷᠢᠬᠤ ᠴᠠᠭ᠂ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠬᠠᠮᠢᠶᠠᠷᠤᠯᠲᠠ᠂ ᠳᠠᠷᠢᠬᠤ ᠭᠦᠨᠴᠡ᠂ ᠨᠢᠭᠲᠠ ᠲᠠᠷᠢᠬᠤ ᠮᠡᠷᠭᠡᠵᠢᠯ ᠤᠨ ᠳᠠᠪᠠᠭᠤᠯᠢᠭ ᠵᠢᠴᠢ ᠬᠡᠷᠡᠭᠵᠢᠭᠦᠯᠬᠦ ᠭᠤᠣᠯᠳᠠᠯᠭ᠎ᠠ ᠶᠢ ᠨᠠᠷᠢᠨ ᠲᠠᠶᠢᠯᠪᠤᠷᠢᠯᠠᠵᠤ᠂ ᠡᠭᠦᠨ ᠳᠤ ᠲᠠᠷᠢᠮᠠᠯ ᠤᠨ ᠨᠢᠭᠲᠠᠴᠠ ᠶᠢ ᠵᠦᠢ ᠵᠣᠬᠢᠰᠲᠠᠢ ᠨᠡᠮᠡᠭᠳᠡᠭᠦᠯᠬᠦ᠂ ᠮᠥᠷ ᠤᠨ ᠵᠠᠢ ᠪᠠ ᠰᠠᠭᠤᠷᠢ ᠶᠢᠨ ᠵᠠᠢ ᠶᠢ ᠰᠢᠯᠢᠳᠡᠭᠵᠢᠭᠦᠯᠬᠦ᠂ ᠭᠡᠷᠡᠯ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ︽ᠨᠠᠶ᠋ᠮᠠᠨ ᠨᠠᠷᠢᠯᠢᠭ ᠣᠨᠣᠴᠠᠲᠠᠢ︾ ᠵᠢᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠨᠢᠭᠲᠠ ᠲᠠᠷᠢᠬᠤ ᠨᠥᠬᠦᠴᠡᠯ ᠳᠣᠣᠷᠠᠬᠢ ᠬᠡᠷᠡᠭᠯᠡᠯᠲᠡ ᠵᠡᠷᠭᠡ ᠪᠠᠭᠲᠠᠨ᠎ᠠ᠃ ᠨᠢᠭᠲᠠ ᠲᠠᠷᠢᠬᠤ ᠮᠡᠷᠭᠡᠵᠢᠯ ᠤᠨ ᠬᠡᠷᠡᠭᠴᠡᠭᠡ ᠶᠢ ᠡᠭᠦᠯᠳᠡᠷ ᠤᠨ ᠣᠨᠴᠠᠯᠢᠭ᠂ ᠬᠥᠷᠥᠰᠥ ᠰᠢᠷᠣᠢ ᠶᠢᠨ ᠨᠥᠬᠦᠴᠡᠯ ᠪᠠ ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠡᠷᠡᠭᠵᠢᠭᠦᠯᠬᠦ ᠶᠢᠨ ᠬᠠᠮᠲᠤ ᠲᠠᠷᠢᠶᠠᠴᠢᠳ ᠲᠤ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠤ ᠬᠡᠯᠪᠡᠯᠵᠡᠯ ᠢ ᠴᠠᠭ ᠢᠮᠠᠭᠲᠠ ᠠᠩᠬᠠᠷᠴᠤ᠂ ᠲᠠᠷᠢᠬᠤ ᠴᠠᠭ ᠢ ᠵᠦᠢ ᠵᠣᠬᠢᠰᠲᠠᠢ ᠲᠣᠬᠢᠷᠠᠭᠤᠯᠤᠨ᠂ ᠦᠷ᠎ᠡ ᠶᠢᠨ ᠰᠣᠶᠣᠭᠠᠯᠠᠯ ᠪᠠ ᠴᠢᠬᠢ ᠶᠢᠨ ᠤᠷᠭᠤᠯᠲᠠ ᠶᠢᠨ ᠬᠠᠮᠤᠭ ᠤᠨ ᠰᠠᠶᠢᠨ ᠨᠥᠬᠦᠴᠡᠯ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃    ︽ᠥᠩᠭᠡᠷᠡᠭᠰᠡᠨ ᠳᠤ ᠲᠠᠷᠢ᠊ ᠡᠶ᠎ᠡ ᠲᠠᠷᠢᠪᠠᠯ ᠬᠤᠷᠣᠬᠠᠢ ᠶᠢᠨ ᠬᠥᠨᠥᠭᠡᠯ ᠡᠭᠦᠰᠬᠦ ᠠᠴᠠ ᠠᠶᠤᠵᠤ᠂ ᠭᠠᠷᠤᠯᠲᠠ ᠨᠢ ᠳᠣᠣᠷ᠎ᠠ ᠪᠣᠯᠬᠤᠷ ᠳᠣᠲᠣᠷ᠎ᠠ ᠪᠠᠨ ᠲᠤᠭ᠎ᠠ ᠲᠠᠢ ᠪᠠᠶᠢᠳᠠᠭ᠃ ᠡᠨᠡ ᠤᠳᠠᠭᠠᠨ ᠤ ᠪᠣᠯᠪᠠᠰᠤᠷᠠᠯ ᠤᠨ ᠲᠤᠰᠬᠠᠢ ᠮᠡᠷᠭᠡᠵᠢᠯᠲᠡᠳ ᠪᠠᠰᠠ ᠮᠠᠰᠢ ᠣᠯᠠᠨ ᠬᠡᠷᠡᠭᠴᠡᠭᠡᠲᠡᠢ ᠰᠢᠨ᠎ᠡ ᠠᠷᠭ᠎ᠠ ᠵᠢᠭᠠᠵᠠᠢ᠂ ᠪᠢ ᠬᠠᠷᠢᠭᠠᠳ ᠲᠤᠰᠬᠠᠢ ᠮᠡᠷᠭᠡᠵᠢᠯᠲᠡᠨ ᠤ ᠵᠢᠭᠠᠨ ᠰᠤᠷᠭᠠᠬᠤ ᠠᠷᠭ᠎ᠠ ᠪᠠᠷ ᠡᠨᠡ ᠵᠢᠯ ᠤᠨ ᠲᠠᠷᠢ᠊ ᠡᠶ᠎ᠡ ᠪᠠᠨ ᠰᠠᠶᠢᠲᠤᠷ ᠲᠠᠷᠢᠵᠤ᠂ ᠡᠯᠪᠡᠭ ᠬᠤᠷᠢᠶᠠᠯᠲᠠ ᠣᠯᠬᠤ ᠪᠠᠷ ᠴᠢᠷᠮᠠᠶᠢᠨ᠎ᠠ︾ ᠭᠡᠵᠦ ᠪᠠᠶᠠᠨᠬᠤᠰᠢᠭᠤ ᠪᠠᠯᠭᠠᠳ ᠤᠨ ᠤ ᠶᠡᠬᠡᠳᠡᠯ᠎ᠡ ᠭᠠᠴᠠᠭᠠᠨ ᠤ ᠠᠷᠠᠳ ᠵᠠᠩ ᠯᠢᠶᠠᠨ ᠶᠢᠣ ᠬᠡᠯᠡᠪᠡ᠃    ᠰᠣᠯᠢᠯᠴᠠᠭ᠎ᠠ ᠬᠢᠬᠦ ᠭᠤᠭᠴᠤᠭ᠎ᠠ ᠳᠤ᠂ ᠲᠠᠶᠢᠯᠪᠤᠷᠢᠯᠠᠭᠴᠢ ᠪᠣᠯᠤᠨ ᠪᠣᠯᠪᠠᠰᠤᠷᠠᠯ ᠳᠤ ᠣᠷᠣᠯᠴᠠᠭᠰᠠᠳ ᠲᠠᠷᠢᠶᠠᠨ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠲᠤᠷᠰᠢᠯᠲᠠ ᠬᠢᠬᠦ ᠶᠢᠨ ᠬᠠᠮᠲᠤ ᠢᠳᠡᠪᠬᠢᠲᠡᠢ ᠪᠠᠷ ᠠᠰᠠᠭᠤᠯᠲᠠ ᠬᠠᠷᠢᠭᠤᠯᠲᠠ ᠥᠭᠴᠦ᠂ ᠲᠠᠷᠢᠮᠠᠯ ᠤᠨ ᠲᠣᠮᠣ ᠡᠷᠦᠬᠡ ᠶᠢᠨ ᠬᠤᠭᠤᠷᠣᠨᠳᠣᠬᠢ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠪᠠ ᠰᠣᠯᠢᠯᠴᠠᠵᠤ᠂ ᠪᠣᠯᠪᠠᠰᠤᠷᠠᠯ ᠳᠤ ᠣᠷᠣᠯᠴᠠᠬᠤ ᠰᠤᠷᠤᠭᠴᠢᠳ ᠤᠨ ᠡᠷᠳᠡᠨᠢ ᠰᠢᠰᠢ ᠲᠠᠷᠢᠬᠤ ᠮᠡᠷᠭᠡᠵᠢᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠴᠢᠳ ᠤᠨ ᠲᠠᠷᠢᠮᠠᠯ ᠤᠨ ᠮᠡᠷᠭᠡᠵᠢᠯ ᠤᠨ ᠰᠢᠨᠵᠢᠯᠡᠬᠦ ᠤᠬᠠᠭᠠᠨᠴᠢᠯᠠᠯᠲᠠ᠂ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠶᠢᠨ ᠮᠡᠷᠭᠡᠵᠢᠯ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠠᠷᠢᠶᠠᠯᠠᠩ ᠤᠨ ᠮᠡᠷᠭᠡᠵᠢᠯ ᠤᠨ ᠭᠤᠣᠯᠳᠠᠯᠭ᠎ᠠ ᠶᠢ ᠪᠣᠯᠪᠠᠰᠤᠷᠠᠭᠤᠯᠬᠤ ᠪᠠᠷ ᠳᠠᠮᠵᠢᠭᠤᠯᠤᠨ᠂ ᠲᠠᠷᠢᠶᠠᠴᠢᠳ ᠲᠤ ᠥᠨᠳᠥᠷ ᠤᠨᠠᠯᠲᠠ ᠲᠠᠢ ᠡᠷᠳᠡᠨᠢ ᠰᠢᠰᠢ᠂ ᠮᠥᠷ ᠤᠨ ᠵᠠᠢ ᠶᠢᠨ ᠵᠠᠢ ᠶᠢ ᠳᠣᠭᠢᠷᠠᠭᠤᠯᠬᠤ᠂ ᠡᠭᠦᠯᠳᠡᠷ ᠢ ᠰᠣᠩᠭᠤᠬᠤ ᠪᠠ ᠲᠠᠷᠢᠬᠤ ᠨᠢᠭᠲᠠᠴᠠ ᠶᠢ ᠳᠡᠭᠡᠭᠰᠢᠯᠡᠭᠦᠯᠬᠦ ᠮᠡᠷᠭᠡᠵᠢᠯ ᠢ ᠦᠨᠡᠨ ᠬᠦ ᠡᠵᠡᠮᠰᠢᠭᠦᠯᠵᠦ᠂ ᠲᠠᠷᠢᠶᠠᠴᠢᠳ ᠲᠤ ᠡᠷᠳᠡᠨᠢ ᠰᠢᠰᠢ ᠶᠢᠨ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠦᠨᠳᠦᠰᠦᠯᠡᠯ ᠪᠠ ᠬᠡᠷᠡᠭᠵᠢᠭᠦᠯᠬᠦ ᠭᠤᠣᠯᠳᠠᠯᠭ᠎ᠠ ᠶᠢ ᠨᠡᠩ ᠭᠦᠨᠵᠡᠭᠡᠢ ᠣᠶᠢᠯᠠᠭᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ︽ᠳᠠᠷᠠᠭᠠᠴᠢ ᠶᠢᠨ ᠠᠯᠬᠤᠮ ᠳᠤ᠂ ᠵᠦᠩ ᠶᠠᠩ ᠲᠠᠷᠢᠶᠠᠯᠠᠩ ᠮᠠᠯ ᠠᠵᠤ ᠠᠬᠤᠢ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠮᠡᠷᠭᠡᠵᠢᠯ ᠤᠨ ᠵᠢᠯᠣᠭᠤᠳᠣᠯᠭ᠎ᠠ ᠪᠠ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠦᠷᠭᠦᠯᠵᠢᠯᠡᠨ ᠮᠥᠷᠳᠡᠨ ᠵᠢᠯᠣᠭᠤᠳᠬᠤ ᠶᠢ ᠦᠷᠭᠦᠯᠵᠢᠯᠡᠨ ᠰᠠᠶᠢᠲᠤᠷ ᠬᠢᠵᠦ᠂ ᠮᠡᠷᠭᠡᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠡᠷᠢᠭᠦᠨ ᠤ ᠮᠡᠷᠭᠡᠵᠢᠯ ᠢ ᠨᠡᠩ ᠶᠡᠭᠡ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠬᠦ ᠪᠠᠷ ᠴᠢᠷᠮᠠᠶᠢᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠬᠡᠵᠤ ᠥᠪᠥᠷ ᠮᠣᠩᠭᠤᠯ ᠤᠨ ᠵᠦᠩ ᠶᠠᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠶᠥᠩ ᠮᠧᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号