3 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠢ ᠡᠷᠬᠢᠯᠡᠪᠡ᠃ ᠬᠤᠷᠠᠯ ᠠᠴᠠ ᠪᠦᠬᠦ ᠠᠶᠢᠮᠠᠭ ᠤᠨ | ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠪᠠ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠪᠦᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ | ᠪᠠᠶᠢᠳᠠᠯ ᠢ ᠭᠦᠨᠵᠡᠭᠡᠢ ᠵᠠᠳᠠᠯᠵᠤ᠂ 2025 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠼᠠᠢ ᠪᠦᠦ ᠵᠢᠶᠦ᠋ᠨ ᠶᠠᠷᠢᠶᠠᠨ ᠳᠠᠭᠠᠨ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠤᠭᠰᠠᠨ | ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ | ᠲᠥᠯᠥᠭᠡᠯᠡᠨ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠠᠷᠠᠳ ᠤᠨ | ᠲᠤᠰᠠᠯᠠᠬᠤ ᠴᠠᠭᠳᠠᠭ᠎ᠠ ᠵᠢᠴᠢ ᠭᠡᠷ ᠪᠦᠯᠢ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ | ᠬᠡᠯᠡᠬᠦ ᠳᠡᠭᠡᠨ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠨᠢᠭᠡ ᠭᠠᠵᠠᠷ ᠣᠷᠣᠨ ᠤ ᠠᠮᠤᠷ | ᠲᠣᠭᠲᠠᠭᠤᠨ ᠢ ᠬᠠᠮᠠᠭᠠᠯᠠᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ︾ ᠴᠢᠬᠤᠯᠠ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠣᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠶᠡᠬᠡᠪᠡᠷ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠦᠢᠯᠡᠰ ᠤᠨ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠣᠢ ᠪᠣᠯᠭᠠᠬᠤ ᠬᠡᠷᠡᠭᠲᠡᠢ | ᠃ ᠤᠬᠠᠮᠰᠠᠷ ᠠᠴᠠ ᠪᠠᠨ ᠳᠣᠲᠣᠭᠠᠳᠤ ᠶᠢ ᠬᠠᠮᠠᠭᠠᠯᠠᠬᠤ ᠠᠵᠢᠯ ᠢ ᠬᠥᠭᠵᠢᠯᠲᠡ ᠶᠢᠨ ᠪᠦᠬᠦ ᠲᠠᠯ᠎ᠠ ᠳᠤ ᠲᠠᠯᠪᠢᠵᠤ | ᠲᠥᠯᠥᠪᠵᠢᠭᠦᠯᠦᠨ ᠠᠬᠢᠭᠤᠯᠵᠤ᠂ ᠠᠮᠤᠷ ᠲᠦᠪᠰᠢᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ | ᠪᠠᠲᠤ ᠴᠣᠭᠴᠠᠯᠠᠵᠤ᠂ ᠠᠮᠤᠷ ᠠᠮᠤᠭᠤᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ | ᠰᠠᠶᠢᠲᠠᠢ ᠬᠥᠭᠵᠢᠯᠲᠡ ᠶᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ᠃ ᠬᠠᠤᠯᠢ ᠪᠠᠷ ᠵᠠᠰᠠᠬᠤ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠲᠠ ᠶᠢᠨ ᠤᠯᠤᠰ ᠲᠥᠷᠥ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠶᠢ ᠴᠢᠩᠭ᠎ᠠ᠂ ᠵᠢᠷᠤᠮᠵᠢᠭᠤᠨ᠂ ᠲᠥᠪ ᠭᠤᠣᠯᠴᠢ᠂ ᠪᠣᠯᠪᠠᠰᠤᠨ ᠢᠶᠠᠷ ᠬᠡᠷᠡᠭᠵᠢᠭᠦᠯᠬᠦ ᠱᠠᠭᠠᠷᠳᠠᠯᠭ᠎ᠠ ᠶᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠦᠬᠦ ᠶᠠᠪᠤᠴᠠ ᠪᠠ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠶᠢ | ᠴᠠᠭᠳᠠᠭ᠎ᠠ ᠶᠢ ᠬᠦᠴᠦᠷᠬᠡᠭᠵᠢᠭᠦᠯᠬᠦ ᠵᠠᠩᠭᠢᠯᠠᠭ᠎ᠠ ᠶᠢᠨ ᠠᠷᠭ᠎ᠠ ᠪᠣᠯᠭᠠᠬᠤ ᠶᠢ ᠪᠠᠷᠢᠮᠲᠠᠯᠠᠵᠤ᠂ ᠪᠦᠷᠢᠨ ᠲᠡᠭᠦᠯᠳᠡᠷ ︽ | ᠲᠤᠰᠬᠠᠢ ᠮᠡᠷᠭᠡᠵᠢᠯ ᠤᠨ ᠲᠣᠭᠲᠠᠴᠠ ᠶᠢᠨ ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ | ᠠᠵᠢᠯᠯᠠᠭᠠᠨ ᠤ ᠵᠠᠭᠪᠤᠷ ᠢ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ | ᠲᠤᠬᠠᠶᠢᠯᠠᠭᠰᠠᠨ ᠠᠵᠢᠯ ᠤᠨ ᠶᠠᠪᠤᠴᠠ᠂ ᠴᠠᠭᠳᠠᠭᠠᠨ ᠤ ᠬᠦᠴᠦᠨ ᠤ ᠲᠣᠬᠢᠷᠠᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠲᠦᠷᠭᠡᠪᠴᠢᠯᠡᠨ ᠪᠣᠢ | ᠪᠣᠯᠭᠠᠵᠤ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ | ᠵᠠᠰᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ︽ᠳᠥᠷᠪᠡᠨ ᠲᠡᠮᠦᠷ ᠮᠡᠲᠦ ᠪᠠᠶᠢᠬᠤ︾ ᠪᠠᠷᠢᠮᠵᠢᠶ᠎ᠠ ᠶᠢ | ᠲᠣᠭᠲᠠᠭᠠᠵᠤ᠂ ᠴᠢᠩᠭ᠎ᠠ ᠱᠠᠭᠠᠷᠳᠠᠯᠭ᠎ᠠ᠂ ᠴᠢᠩᠭ᠎ᠠ ᠠᠭᠤᠷ ᠠᠮᠢᠰᠬᠤᠯ᠂ ᠴᠢᠩᠭ᠎ᠠ ᠠᠷᠭ᠎ᠠ ᠬᠡᠮᠵᠢᠶ᠎ᠡ ᠶᠢ ᠤᠷᠲᠤ | ᠬᠤᠭᠤᠴᠠᠭ᠎ᠠ ᠪᠠᠷ ᠪᠠᠷᠢᠮᠲᠠᠯᠠᠵᠤ᠂ ᠨᠠᠮ ᠢ ᠰᠠᠨᠠᠭ᠎ᠠ ᠠᠮᠤᠷ᠂ ᠣᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ | ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠬᠡᠵᠡᠢ᠃ | |