ᠲᠦᠷᠦᠭᠦᠬᠡᠨ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠯᠢᠦ ᠱᠤᠸᠠᠩ ᠬᠤᠷᠠᠯ ᠳᠤ ᠣᠷᠣᠯᠴᠠᠬᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ | ᠢᠦᠢ ᠭᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ | ᠪᠠ ᠡᠭᠦᠷᠭᠡ ᠶᠢᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠶᠣᠰᠣ ᠴᠢᠬᠤᠯᠠ | ᠠᠭᠤᠯᠭ᠎ᠠ ᠶᠢ ᠨᠡᠪᠲᠡᠷᠬᠡᠢ ᠣᠶᠢᠯᠠᠭᠠᠵᠤ᠂ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠰᠢᠵᠦ᠂ ᠲᠣᠭᠤᠷᠢᠨ ᠪᠠᠶᠢᠴᠠᠭᠠᠬᠤ | ᠠᠵᠢᠯ ᠤᠨ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠲᠠᠯᠪᠢᠯᠲᠠ ᠶᠢ | ᠴᠢᠩᠭᠠᠳᠬᠠᠵᠤ᠂ ᠲᠣᠭᠤᠷᠢᠨ ᠪᠠᠶᠢᠴᠠᠭᠠᠭᠳᠠᠬᠤ ᠡᠲᠡᠭᠡᠳ ᠤᠨ ᠡᠭᠦᠷᠭᠡ ᠴᠢᠳᠠᠪᠬᠢ ᠬᠠᠷᠢᠭᠤᠴᠠᠯᠭ᠎ᠠ ᠪᠠᠨ | ᠭᠦᠢᠴᠡᠳᠬᠡᠭᠰᠡᠨ᠂ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠤᠭᠰᠠᠨ ᠵᠡᠷᠭᠡ ᠪᠠᠶᠢᠳᠠᠯ ᠢ ᠴᠢᠩᠭ᠎ᠠ ᠠᠩᠬᠠᠷᠴᠤ᠂ ᠳᠤᠪᠤᠶᠢᠮ᠎ᠠ | ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠠᠬᠢᠭᠤᠯᠤᠨ ᠰᠢᠢᠳᠪᠦᠷᠢᠯᠡᠵᠦ᠂ ︽ᠰᠢᠨ᠎ᠡ ᠵᠠᠮ ᠨᠡᠭᠡᠭᠡᠵᠦ᠂ ᠳᠤᠮᠳᠠ | ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠨᠠᠩ ᠰᠠᠶᠢᠲᠤᠷ ᠦᠢᠯᠡᠴᠢᠯᠡᠨ ᠪᠠᠲᠤᠯᠠᠬᠤ ᠬᠡᠷᠡᠭᠲᠡᠢ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ | ᠴᠢᠩᠭᠠᠳᠬᠠᠵᠤ᠂ ᠨᠢᠭᠡ ᠰᠡᠳᠦᠪ ᠢ ᠬᠠᠮᠲᠤ ᠪᠠᠷ ᠬᠠᠷᠢᠭᠤᠯᠬᠤ ᠶᠢ ᠠᠬᠢᠭᠤᠯᠵᠤ᠂ ᠰᠠᠬᠢᠯᠭ᠎ᠠ ᠪᠠᠲᠤ ᠰᠤᠷᠲᠠᠯ ᠢ | ᠴᠢᠩᠳᠠᠯᠠᠵᠤ᠂ ᠲᠣᠭᠤᠷᠢᠨ ᠪᠠᠶᠢᠴᠠᠭᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠪᠡᠯ | ᠂ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠨᠡᠶᠢᠳᠡ 14 ᠲᠣᠭᠤᠷᠢᠨ ᠪᠠᠶᠢᠴᠠᠭᠠᠬᠤ ᠳᠤᠭᠤᠶᠢᠯᠠᠩ | ᠲᠣᠮᠢᠯᠠᠵᠤ᠂ ᠭᠦᠭᠡᠬᠤᠲᠠ ᠶᠢᠨ ᠴᠢᠩ ᠱᠦᠢ ᠾᠧ ᠰᠢᠶᠠᠨ᠂ ᠦᠴᠦᠸᠠᠨ ᠰᠢᠶᠠᠨ᠂ ᠪᠤᠭᠤᠲᠤ ᠬᠤᠲᠠ ᠶᠢᠨ | ᠬᠥᠨᠳᠡᠯᠡᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠬᠥᠯᠥᠨ ᠪᠤᠶᠢᠷ ᠬᠤᠲᠠ ᠶᠢᠨ ᠶᠠᠭᠰᠢ | ᠬᠤᠲᠠ᠂ ᠭᠡᠭᠡᠨ ᠭᠤᠣᠯ ᠬᠤᠲᠠ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ | ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠲᠦᠩᠯᠢᠶᠣᠣ ᠬᠤᠲᠠ ᠶᠢᠨ ᠬᠤᠤᠯᠢᠨ | ᠭᠤᠣᠯ ᠬᠤᠲᠠ᠂ ᠵᠠᠷᠤᠳ ᠬᠤᠰᠢᠭᠤ᠂ ᠤᠯᠠᠭᠠᠨᠬᠠᠳᠠ ᠬᠤᠲᠠ ᠶᠢᠨ ᠯᠢᠨᠰᠢ ᠰᠢᠶᠠᠨ᠂ ᠬᠡᠰᠢᠭᠲᠡᠨ ᠬᠤᠰᠢᠭᠤ᠂ | ᠣᠩᠨᠢᠭᠤᠳ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ᠂ ᠰᠢᠯᠢ ᠶᠢᠨ ᠭᠤᠣᠯ ᠠᠶᠢᠮᠠᠭ ᠤᠨ ᠵᠡᠭᠦᠨ | ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ | ᠬᠦᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠹᠧᠩᠵᠧᠨ ᠬᠤᠲᠠ᠂ ᠱᠠᠩᠳᠤ ᠰᠢᠶᠠᠨ᠂ ᠰᠢᠩ ᠾᠧ | ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠣᠷᠳᠣᠰ | ᠬᠤᠲᠠ ᠶᠢᠨ ᠣᠲᠤᠭ ᠤᠨ ᠡᠮᠦᠨᠡᠲᠦ ᠬᠤᠰᠢᠭᠤ᠂ ᠣᠲᠤᠭ ᠬᠤᠰᠢᠭᠤ᠂ ᠦᠦᠰᠢᠨ ᠬᠤᠰᠢᠭᠤ ᠵᠡᠷᠭᠡ 29 ᠬᠤᠰᠢᠭᠤ | ᠰᠢᠶᠠᠨ ︵ᠬᠤᠲᠠ᠂ ᠲᠣᠭᠤᠷᠢᠭ︶ ᠵᠢᠴᠢ ᠭᠦᠭᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠵᠡᠷᠭᠡ 3 ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠡᠩ ᠤᠨ ᠲᠣᠭᠤᠷᠢᠨ | ᠪᠠᠶᠢᠴᠠᠭᠠᠯᠲᠠ ᠦᠷᠨᠢᠭᠦᠯᠦᠨ᠎ᠡ︔ ᠲᠥᠪ ᠤᠨ ᠬᠢᠨᠠᠨ ᠪᠣᠳᠣᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠢ ᠲᠣᠭᠤᠷᠢᠨ ᠪᠠᠶᠢᠴᠠᠭᠠᠯᠲᠠ ᠦᠷᠨᠢᠭᠦᠯᠦᠨ᠎ᠡ᠃ | 3 ᠰᠠᠷ᠎ᠠ ᠶᠢᠨ 12 ᠤ ᠡᠳᠦᠷ ᠪᠣᠯᠲᠠᠯ᠎ᠠ᠂ 14 ᠲᠣᠭᠤᠷᠢᠨ ᠪᠠᠶᠢᠴᠠᠭᠠᠬᠤ ᠳᠤᠭᠤᠶᠢᠯᠠᠩ ᠪᠦᠭᠦᠨ ᠢᠶᠠᠷ ᠢᠶᠠᠨ | ᠣᠷᠣᠵᠤ ᠰᠠᠭᠤᠪᠠ᠃ ᠲᠣᠭᠤᠷᠢᠨ ᠪᠠᠶᠢᠴᠠᠭᠠᠭᠳᠠᠬᠤ ᠬᠤᠰᠢᠭᠤ ᠰᠢᠶᠠᠨ ︵ᠬᠤᠳᠠ᠂ ᠲᠣᠭᠤᠷᠢᠭ︶ ᠪᠣᠯᠣᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤᠰ ᠲᠤᠰ ᠲᠣᠭᠤᠷᠢᠨ ᠪᠠᠶᠢᠴᠠᠭᠠᠵᠤ ᠣᠷᠣᠵᠤ ᠰᠠᠭᠤᠬᠤ | ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ | ᠳᠠᠶᠢᠴᠢᠯᠠᠯᠲᠠ ᠶᠢᠨ ᠶᠠᠷᠢᠶᠠᠨ ᠳᠠᠭᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠪᠣᠯᠣᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠶᠢᠳᠠᠪᠤᠷᠢᠵᠢᠭᠤᠯᠬᠤ ᠲᠤᠬᠠᠢ | ᠬᠢᠨᠠᠯᠲᠠ ᠲᠠᠯᠪᠢᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠵᠦᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ ᠪᠠᠨ | ᠬᠦᠴᠦᠯᠡᠨ ᠡᠷᠢᠵᠦ ᠪᠠᠶᠢᠴᠠᠭᠠᠨ᠎ᠠ ᠭᠡᠵᠦ ᠵᠢᠭᠠᠵᠤ ᠭᠠᠷᠭᠠᠪᠠ᠃ ᠡᠯ᠎ᠡ ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ | ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠭᠥᠯᠢᠶᠡᠨ ᠠᠪᠬᠤ ᠶᠢ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠤᠯᠭᠠᠵᠤ᠂ ᠠᠳᠠᠯᠢ | ᠰᠡᠳᠦᠪ ᠲᠤ ᠬᠠᠮᠲᠤ ᠪᠠᠷ ᠬᠠᠷᠢᠭᠤᠯᠲᠠ ᠥᠭᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠳᠤ | ᠬᠠᠮᠵᠢᠯᠴᠠᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠤᠲᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯᠯᠠᠬᠤ ᠴᠠᠭ 50 ᠡᠳᠦᠷ ᠣᠷᠴᠢᠮ | ᠪᠠᠶᠢᠵᠤ᠂ ᠡᠨᠡ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠪᠠ ᠰᠢᠤᠳᠠᠨ ᠤ ᠵᠠᠬᠢᠳᠠᠯ ᠤᠨ ᠬᠠᠶᠢᠷᠴᠠᠭ | ᠭᠠᠷᠭᠠᠵᠤ᠂ ᠭᠤᠣᠯᠳᠠᠭᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ | ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ | ᠬᠠᠷᠢᠭᠤᠴᠠᠯᠭᠠᠲᠠᠨ ᠪᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ᠂ | ᠤᠲᠠᠰᠤ᠂ ᠰᠣᠷᠪᠣᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠡᠭᠦᠨ ᠳᠤ ᠭᠤᠣᠯᠳᠠᠭᠤ ᠤᠯᠤᠰ ᠲᠥᠷᠥ ᠶᠢᠨ | ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ | ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ | ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ | 2025 ᠤᠨ ᠤ 4 ᠰᠠᠷ᠎ᠠ ᠶᠢᠨ 25 ᠤ ᠡᠳᠦᠷ ᠪᠣᠯᠲᠠᠯ᠎ᠠ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠤᠨ᠎ᠠ᠃ |