ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 102 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
   3 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 102 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠵᠢᠴᠢ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠤᠯᠪᠣᠭ᠎ᠠ ᠶᠢᠨ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠰᠤᠷᠭᠠᠨ ᠬᠥᠮᠦᠵᠢᠯ ᠤᠨ ᠡᠲᠡᠭᠡᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠬᠢᠨᠠᠨ ᠵᠥᠪᠯᠡᠵᠦ᠂ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢᠶᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠬᠦᠴᠦᠯᠡᠨ ᠪᠠᠬᠢᠵᠢᠭᠦᠯᠦᠨ ᠥᠷᠭᠡᠳᠬᠡᠵᠦ᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠯᠡᠭᠦᠬᠡᠨ ᠪᠣᠳᠠᠲᠠᠢ ᠠᠵᠢᠯ ᠬᠢᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠬᠤ᠂ ︽ᠵᠢᠷᠭᠤᠭᠠᠨ ᠠᠵᠢᠯᠯᠠᠭ᠎ᠠ︾ ᠶᠢ ᠪᠦᠬᠦ ᠲᠠᠯ᠎ᠠ ᠪᠠᠷ ᠥᠷᠨᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠠ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠬᠦ ᠬᠡᠷᠡᠭᠲᠡᠢ᠃ ᠨᠡᠭᠡᠭᠡᠯᠲᠡᠲᠦ ᠡᠷᠴᠢᠮ ᠢᠶᠠᠨ ᠦᠷᠭᠦᠯᠵᠢᠯᠡᠨ ᠥᠷᠭᠡᠳᠬᠡᠵᠦ᠂ ᠣᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠣᠯᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠠᠰᠢᠭ ᠬᠦᠷᠲᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠵᠡᠷᠭᠡ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠶᠠᠪᠤᠳᠠᠯ ᠢ ᠪᠦᠲᠦᠮᠵᠢᠲᠡᠢ ᠵᠥᠪᠯᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ ᠬᠤᠷᠠᠯ ᠠᠴᠠ᠂ ᠲᠥᠪᠯᠡᠷᠡᠭᠦᠯᠦᠨ ᠴᠡᠭᠴᠡᠯᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠡᠭᠦᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠴᠢᠬᠤᠯᠠ ᠵᠦᠢᠯᠡᠰ᠂ ᠴᠢᠬᠤᠯᠠ ᠶᠡᠭᠡ ᠬᠡᠷᠡᠭ᠂ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ᠴᠡᠭᠴᠡᠯᠡᠨ ᠵᠠᠰᠠᠬᠤ ᠠᠵᠢᠯ ᠢ ᠲᠤᠤᠱᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号