ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ 2025 | ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠧᠨ ᠯᠢ ᠭᠦᠸᠧ ᠬᠤᠷᠠᠯ ᠡᠷᠬᠢᠯᠡᠪᠡ᠃ | ᠬᠤᠷᠠᠯ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ | ᠵᠠᠷᠤᠳᠠᠯ ᠤᠨ ᠬᠠᠮᠢᠶᠠᠷᠤᠯᠲᠠ ᠶᠢᠨ ᠲᠤᠰᠬᠠᠢ ᠠᠵᠢᠯ ᠤᠨ ᠲᠣᠭᠲᠠᠴᠠ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠵᠥᠪᠯᠡᠯ ᠤᠨ ᠠᠵᠢᠯ ᠤᠨ ᠳᠦᠷᠢᠮ ᠵᠡᠷᠭᠡ ᠵᠦᠢᠯᠡᠰ ᠢ ᠬᠢᠨᠠᠨ ᠵᠥᠪᠯᠡᠵᠦ ᠪᠠᠲᠤᠯᠠᠬᠤ ᠶᠢᠨ ᠬᠠᠮᠲᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠠᠰᠢᠭ ᠬᠦᠷᠲᠡᠭᠡᠬᠦ ᠰᠢᠶᠠᠨ ︵ | ᠬᠤᠰᠢᠭᠤ︶ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃ ᠬᠤᠷᠠᠯ ᠠᠴᠠ᠂ ︽ | ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠪᠠ ᠳᠡᠭᠡᠭᠰᠢᠯᠡᠭᠦᠯᠬᠦ ᠶᠢ ᠴᠢᠩᠭᠠᠳᠬᠠᠬᠤ ᠬᠡᠷᠡᠭᠲᠡᠢ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠬᠤᠯᠠᠴᠢᠯᠠᠵᠤ᠂ ᠳᠦᠷᠢᠮ ᠢ ᠲᠡᠭᠦᠯᠳᠡᠷᠵᠢᠭᠦᠯᠵᠦ᠂ ᠵᠢᠭᠰᠠᠭᠠᠨ | ᠪᠠᠶᠢᠴᠠᠭᠠᠬᠤ ᠪᠠ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠪᠦᠷᠢᠯᠳᠦᠬᠦᠨ | ᠨᠢᠭᠡᠴᠡ ᠨᠦᠭᠦᠳ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠬᠦ | ᠬᠡᠷᠡᠭᠲᠡᠢ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ | ᠡᠭᠦᠳᠦᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠷᠢᠯᠳᠦᠬᠦᠨ ᠨᠢᠭᠡᠴᠡ ᠨᠦᠭᠦᠳ ᠦᠵᠡᠯ | ᠰᠠᠨᠠᠭ᠎ᠠ ᠪᠠᠨ ᠨᠢᠭᠡᠳᠬᠡᠨ᠂ ᠭᠤᠣᠯᠳᠠᠯᠭ᠎ᠠ ᠪᠠᠨ ᠲᠣᠳᠣᠷᠬᠠᠶᠢᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ |