ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠣᠨᠲᠤ ᠰᠤᠷᠭᠠᠨ | ᠬᠥᠮᠦᠵᠢᠯ ᠤᠨ ᠲᠠᠪᠴᠠᠩ ᠨᠢ ᠮᠤᠵᠢ ᠶᠢᠨ ᠱᠠᠲᠤᠨ ᠤ ᠰᠤᠪᠠᠭ ᠤᠨ ᠬᠡᠯᠪᠡᠷᠢ ᠪᠠᠷ ᠤᠯᠤᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠣᠶᠣᠨᠲᠤ ᠰᠤᠷᠭᠠᠨ ᠬᠥᠮᠦᠵᠢᠯ ᠤᠨ ᠲᠠᠪᠴᠠᠩ ᠳᠤ ᠪᠥᠬᠦ ᠲᠠᠯ᠎ᠠ ᠪᠠᠷ ᠵᠠᠯᠭᠠᠭᠳᠠᠨ ᠣᠷᠤᠭᠰᠠᠨ ᠨᠢ | ᠮᠠᠨ ᠤ ᠣᠷᠣᠨ ᠪᠥᠬᠦ ᠤᠯᠤᠰ ᠤᠨ ᠮᠤᠵᠢ ᠶᠢᠨ ᠱᠠᠲᠤᠨ ᠤ ᠰᠤᠪᠠᠭ ᠬᠢᠭᠡᠳ ᠤᠯᠤᠰ ᠤᠨ ᠲᠠᠪᠴᠠᠩ ᠤᠨ ᠭᠦᠨᠵᠡᠭᠡᠶ | ᠨᠡᠪᠲᠡᠷᠡᠯᠴᠡᠯ ᠢ ᠡᠩ ᠲᠡᠷᠢᠭᠦᠨ ᠳᠤ ᠪᠡᠶᠡᠯᠡᠭᠦᠯᠦᠭᠰᠡᠨ ᠭᠠᠵᠠᠷ ᠣᠷᠣᠨ ᠤ ᠨᠢᠭᠡ ᠪᠣᠯᠤᠭᠰᠠᠨ ᠢ ᠬᠠᠷᠠᠭᠤᠯᠵᠤ ᠪᠣᠢ᠃ | ᠥᠪᠥᠷ ᠮᠣᠩᠭᠤᠯ ᠰᠤᠪᠠᠭ ᠨᠢ ᠭᠠᠵᠠᠷ ᠣᠷᠣᠨ ᠤ ᠣᠨᠴᠠᠯᠢᠭ ᠬᠢᠭᠡᠳ ᠰᠤᠷᠭᠠᠨ ᠬᠥᠮᠦᠵᠢᠯ ᠤᠨ ᠬᠡᠷᠡᠭᠴᠡᠭᠡ ᠳᠤ ᠪᠠᠨ | ᠰᠠᠭᠤᠷᠢᠯᠠᠨ᠂ ᠣᠯᠠᠨ ᠬᠡᠮᠵᠢᠯᠳᠦ ᠡᠬᠢ ᠪᠠᠶᠠᠯᠢᠭ ᠤᠨ ᠵᠢᠭᠰᠠᠭᠠᠯ ᠢ ᠰᠢᠰᠲ᠋ᠧᠮ ᠲᠠᠢ ᠪᠠᠶᠢᠭᠤᠯᠪᠠ᠃ ᠰᠠᠭᠤᠷᠢ | ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠭᠤᠴᠠᠭ᠎ᠠ ᠪᠠ ᠰᠢᠨᠵᠢᠯᠡᠭᠡᠨ ᠤ ᠠᠭᠤᠯᠭ᠎ᠠ ᠶᠢ ᠬᠠᠮᠤᠷᠤᠭᠰᠠᠨ ᠰᠠᠭᠤᠷᠢᠨ | ᠳᠡᠭᠡᠷ᠎ᠡ᠂ ᠭᠤᠣᠯᠳᠠᠭᠤᠯᠤᠨ ᠪᠠᠶᠢᠭᠤᠯᠤᠭᠰᠠᠨ ︽ᠤᠮᠠᠷᠠᠲᠤ ᠬᠢᠯᠢ ᠶᠢᠨ ᠰᠤᠷᠭᠠᠨ ᠬᠥᠮᠦᠵᠢᠯ︾ ᠤᠨ ᠲᠤᠰᠬᠠᠶ | ᠰᠡᠳᠦᠪᠲᠦ ᠬᠡᠰᠡᠭ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠡᠷᠭᠡᠴᠡᠭᠡ᠂ ︽ | ᠤᠮᠠᠷᠠᠲᠤ ᠬᠢᠯᠢ ᠶᠢᠨ ᠰᠤᠷᠭᠠᠨ ᠬᠥᠮᠦᠵᠢᠯ︾ ᠤᠨ ᠤᠨᠴᠠᠯᠢᠬᠳᠤ ᠬᠢᠴᠢᠶᠡᠯ ᠵᠡᠷᠭᠡ ᠡᠬᠢ ᠪᠠᠶᠠᠯᠢᠭ ᠢ ᠬᠤᠷᠠᠭᠤᠯᠤᠨ᠎ᠠ᠃ | ᠲᠠᠪᠴᠠᠩ ᠨᠢ ᠣᠶᠤᠨᠴᠢ ᠪᠠᠷ ᠬᠦᠷᠭᠡᠬᠦ᠂ ᠨᠠᠷᠢᠯᠢᠭ ᠣᠨᠣᠴᠠᠲᠠᠶ ᠪᠠᠷ ᠵᠣᠬᠢᠴᠠᠭᠤᠯᠬᠤ ᠵᠡᠷᠭᠡ ᠴᠢᠳᠠᠮᠵᠢ ᠪᠠᠷ ᠪᠥᠬᠦ | ᠣᠷᠣᠨ ᠤ ᠪᠠᠭᠰᠢ ᠰᠤᠷᠤᠭᠴᠢᠳ ᠲᠤ ︽ᠲᠥᠪᠯᠡᠷᠡᠩᠭᠦᠢ︾ ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠵᠤ᠂ | ᠬᠢᠴᠢᠶᠡᠯ ᠠᠴᠠ ᠡᠮᠦᠨ᠎ᠡ ᠬᠢᠴᠢᠶᠡᠯ ᠪᠡᠯᠡᠳᠬᠡᠬᠦ᠂ ᠬᠢᠴᠢᠶᠡᠯ ᠤᠨ ᠳᠤᠮᠳᠠ ᠬᠢᠴᠢᠶᠡᠯᠯᠡᠬᠦ᠂ ᠬᠢᠴᠢᠶᠡᠯ ᠤᠨ ᠳᠠᠷᠠᠭ᠎ᠠ | ᠮᠠᠳᠠᠭ ᠲᠠᠶᠢᠯᠬᠤ᠂ ᠪᠠᠭᠰᠢ ᠶᠢᠨ ᠰᠤᠳᠤᠯᠤᠨ ᠰᠤᠷᠤᠯᠴᠠᠬᠤ ᠵᠡᠷᠭᠡ ᠣᠯᠠᠨ ᠲᠠᠯᠠᠪᠤᠷ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ᠂ ᠢᠯᠠᠩᠭᠤᠶ᠎ᠠ ᠬᠥᠳᠡᠭᠡ ᠲᠣᠰᠬᠤᠨ ᠮᠠᠯᠵᠢᠬᠤ ᠣᠷᠣᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠶᠠᠰᠤ ᠴᠢᠨᠠᠷ ᠪᠠ ᠪᠠᠭᠰᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ | ᠦᠢᠯᠡᠳᠦᠯ ᠪᠠᠳᠠᠷᠠᠭᠤᠯᠬᠤ ᠪᠣᠯᠣᠨ᠎ᠠ᠃ ᠤᠯᠤᠰ ᠤᠨ ᠪᠥᠬᠦ ᠬᠡᠪᠴᠢᠶᠡᠨ ᠤ ᠬᠡᠷᠡᠭᠯᠡᠯᠲᠡ ᠶᠢᠨ ᠲᠤᠷᠰᠢᠯᠲᠠ ᠶᠢᠨ | ᠴᠡᠭ ᠤᠨ ᠮᠤᠵᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠰᠤᠪᠠᠭ ᠢ ᠰᠦᠯᠵᠢᠶᠡᠨ ᠳᠤ ᠭᠠᠷᠭᠠᠭᠰᠠᠨ ᠨᠢ ︽ | ᠤᠯᠤᠰ ᠤᠨ ᠬᠦᠢᠰᠦ — ᠲᠤᠰᠬᠠᠢ ᠣᠷᠣᠨ ᠬᠤᠲᠠ ᠶᠢᠨ ᠲᠠᠪᠴᠠᠩ — ᠰᠤᠷᠭᠠᠭᠤᠯᠢ ᠶᠢᠨ ᠦᠵᠦᠭᠦᠷ︾ ᠤᠨ | ᠳᠥᠷᠪᠡᠨ ᠱᠠᠲᠤᠨ ᠤ ᠬᠠᠮᠵᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠬᠤ ᠪᠠᠷ ᠳᠡᠮᠵᠢᠨ᠂ ᠪᠥᠬᠦ ᠣᠷᠣᠨ ᠤ ᠳᠤᠮᠳᠠᠳᠤ | ᠪᠠᠭ᠎ᠠ ᠰᠤᠷᠭᠠᠭᠤᠯᠢ ᠨᠢ ᠤᠯᠤᠰ ᠤᠨ ᠲᠠᠪᠴᠠᠩ ᠤᠨ ᠶᠡᠭᠡ ᠬᠡᠮᠵᠢᠶᠡᠨ ᠤ ᠡᠬᠢ ᠪᠠᠶᠠᠯᠢᠭ ᠤᠨ ᠬᠥᠮᠥᠷᠭᠡ ᠲᠠᠢ ᠵᠠᠪᠰᠠᠷ | ᠥᠬᠡᠶ ᠵᠣᠯᠭᠠᠭᠤᠯᠵᠤ ᠪᠣᠯᠬᠤ ᠪᠥᠭᠡᠳ ᠮᠤᠵᠢ ᠶᠢᠨ ᠱᠠᠲᠤᠨ ᠤ ᠰᠤᠪᠠᠭ ᠢᠶᠠᠷ ᠥᠪᠡᠷᠲᠡᠭᠡᠨ ᠵᠠᠰᠠᠬᠤ ᠣᠷᠣᠨ ᠤ | ᠤᠤᠭᠠᠯ ᠡᠭᠦᠳᠦᠯᠲᠡ ᠶᠢᠨ ᠰᠣᠳᠣᠨ ᠡᠬᠢ ᠪᠠᠶᠠᠯᠢᠭ ᠢ ᠬᠠᠮᠲᠤ ᠡᠳ᠋ᠯᠡᠵᠦ᠂ ᠣᠷᠣᠨ ᠪᠦᠰᠡ ᠶᠢᠨ ᠰᠤᠷᠭᠠᠨ | ᠬᠥᠮᠦᠵᠢᠯ ᠤᠨ ᠲᠡᠩᠴᠡᠭᠦᠷᠢᠰᠢᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠳ᠋ᠢᠭᠢᠳ᠋ᠴᠢᠯᠡᠭᠰᠡᠨ ᠲᠥᠰᠦᠯ | ᠬᠠᠩᠭᠠᠬᠤ ᠪᠣᠯᠣᠨ᠎ᠠ᠃ ︵ᠰᠤᠷᠭᠠᠨ ᠬᠦᠮᠦᠵᠢᠯ ᠤᠨ ᠲᠢᠩᠬᠢᠮ︶ |