ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠡᠷ ᠲᠦᠯᠢᠶᠡᠮᠤᠳᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/3/20
   3 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠧᠨ ᠯᠢ ᠭᠦᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠶᠢᠨ ᠪᠦᠦ᠂ ᠳᠡᠳ᠋ ᠬᠤᠰᠢᠭᠤᠨ ᠳᠠᠷᠤᠭ᠎ᠠ ᠬᠣ᠋ ᠬᠠᠨ ᠨᠠᠷ ᠮᠠᠨ ᠤ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ᠃ ᠡᠭᠦᠨ ᠤ ᠵᠣᠷᠢᠯᠭ᠎ᠠ ᠨᠢ ᠦᠨᠳᠦᠰᠦᠨ ᠱᠠᠲᠤᠨ ᠤ ᠠᠵᠢᠯ ᠤᠨ ᠠᠬᠢᠴᠠ ᠶᠢ ᠪᠦᠬᠦ ᠲᠠᠯ᠎ᠠ ᠪᠠᠷ ᠣᠶᠢᠯᠠᠭᠠᠵᠤ᠂ ᠬᠥᠭᠵᠢᠯᠲᠡ ᠶᠢ ᠠᠬᠢᠭᠤᠯᠬᠤ ᠳᠤ ᠪᠠᠶᠢᠷᠢᠯᠠᠭᠤᠯᠤᠯᠲᠠ ᠬᠢᠵᠦ᠂ ᠨᠠᠷᠢᠯᠢᠭ ᠣᠨᠣᠴᠠᠲᠠᠢ ᠪᠠᠷ ᠵᠢᠯᠣᠭᠤᠳᠬᠤ ᠶᠢᠨ ᠲᠥᠯᠥᠭᠡ ᠶᠤᠮ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠨᠢᠭᠡ ᠠᠩᠭᠢ ᠬᠤᠶᠠᠷ ᠲᠥᠪ ᠤᠨ ᠡᠷᠬᠢᠯᠡᠭᠴᠢ ᠣᠷᠣᠯᠴᠠᠪᠠ᠃    ᠬᠤᠷᠠᠯ ᠳᠡᠭᠡᠷ᠎ᠡ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠵᠤ᠂ ᠰᠤᠷᠲᠠᠯ ᠤᠬᠠᠭᠤᠯᠭ᠎ᠠ ᠰᠣᠶᠣᠯ ᠤᠨ ᠦᠵᠡᠯ ᠰᠠᠨᠠᠭ᠎ᠠ᠂ ᠦᠨᠳᠦᠰᠦᠲᠡᠨ ᠤ ᠪᠦᠯᠬᠦᠮᠳᠡᠯ᠂ ᠵᠣᠬᠢᠶᠠᠨ ᠪᠠᠶᠢᠭᠤᠯᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠤᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ ᠲᠣᠭᠤᠷᠢᠨ ᠳᠤ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠳᠠᠷᠠᠭ᠎ᠠ ᠨᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠬᠡ ᠪᠦᠬᠦ ᠪᠠᠯᠭᠠᠰᠤᠨ ᠤ 2025 ᠣᠨ ᠤ ᠶᠡᠷᠦᠩᠬᠡᠢ ᠠᠵᠢᠯ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠡᠯ᠎ᠡ ᠤᠳᠤᠷᠢᠳᠤᠯᠭ᠎ᠠ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠲᠦᠯᠢᠶᠡᠮᠤᠳᠤ ᠪᠠᠯᠭᠠᠰᠤᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠡᠯ᠎ᠡ ᠵᠦᠢᠯ ᠤᠨ ᠠᠵᠢᠯ ᠳᠤ ᠴᠢᠭᠯᠡᠭᠦᠯᠦᠨ ᠪᠣᠳᠠᠲᠠᠢ ᠵᠢᠯᠣᠭᠤᠳᠬᠤ ᠰᠠᠨᠠᠯ ᠪᠠ ᠱᠠᠭᠠᠷᠳᠠᠯᠭ᠎ᠠ ᠳᠤᠷᠠᠳᠴᠠᠢ᠃    ᠼᠠᠢ ᠪᠦᠦ ᠵᠢᠶᠦ᠋ᠨ ᠴᠢᠬᠤᠯᠠᠴᠢᠯᠠᠭᠰᠠᠨ ᠨᠢ᠂ ᠰᠢᠶᠠᠩ ᠪᠠᠯᠭᠠᠰᠤᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠵᠤ᠂ ᠰᠢᠶᠠᠩ ᠪᠠᠯᠭᠠᠰᠤᠨ ᠤ ᠨᠠᠮ ᠤᠨ ᠪᠠᠶᠢᠭᠤᠯᠤᠯᠲᠠ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠮᠤᠷ ᠠᠮᠤᠭᠤᠯᠠᠩ ᠤᠨ ᠪᠠᠶᠢᠭᠤᠯᠤᠯᠲᠠ ᠵᠡᠷᠭᠡ ᠠᠵᠢᠯ ᠤᠨ ᠬᠦᠷᠢᠶ᠎ᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠ ᠡᠷᠬᠡ ᠮᠡᠳᠡᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠤᠪᠢᠶᠠᠷᠢᠯᠠᠵᠤ᠂ ᠦᠨᠳᠦᠰᠦᠨ ᠱᠠᠲᠤᠨ ᠤ ᠡᠭᠦᠷᠭᠡ ᠬᠠᠷᠢᠭᠤᠴᠠᠯᠭ᠎ᠠ ᠶᠢ ᠲᠤᠰᠴᠤ ᠳᠡᠶᠢᠯᠬᠦ᠂ ᠰᠠᠶᠢᠲᠤᠷ ᠭᠦᠢᠴᠡᠳᠬᠡᠬᠦ ᠶᠢ ᠪᠠᠲᠤᠯᠠᠬᠤ ᠮᠥᠷᠲᠡᠭᠡᠨ ᠪᠠᠰᠠ ᠡᠭᠦᠷᠭᠡ ᠬᠠᠷᠢᠭᠤᠴᠠᠯᠭ᠎ᠠ ᠶᠢ ᠪᠠᠷᠢᠮᠲᠠ ᠲᠠᠢ ᠪᠣᠯᠭᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠠᠭᠤᠯᠭ᠎ᠠ ᠶᠢ ᠴᠢᠬᠤᠯᠠᠴᠢᠯᠠᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠢᠯᠠᠭᠠᠬᠤ ᠨᠤᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠯᠠᠪᠳᠠᠭᠤᠨ ᠪᠠᠲᠤᠲᠠᠢ ᠰᠤᠷᠲᠠᠯ᠂ ᠬᠦᠴᠦᠲᠡᠢ ᠠᠷᠭ᠎ᠠ ᠬᠡᠮᠵᠢᠶ᠎ᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠢ ᠪᠠᠲᠤᠳᠬᠠᠬᠤ ᠬᠡᠷᠡᠭᠲᠡᠢ︔
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号