ᠪᠠᠶᠠᠨᠨᠠᠭᠤᠷ ᠰᠤᠮᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
   ᠪᠠᠶᠠᠨᠨᠠᠭᠤᠷ ᠰᠤᠮᠤ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠶᠢᠨ ᠲᠤᠰᠠᠳᠠ᠂ 3 ᠳ᠋ᠤᠭᠠᠷ ᠰᠠᠷ᠎ᠠ ᠶᠢᠨ 14 ᠤ ᠡᠳᠦᠷ᠂ ᠪᠠᠶᠠᠨᠨᠠᠭᠤᠷ ᠰᠤᠮᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠲᠤᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢ ᠰᠤᠮᠤᠨ ᠤ ᠨᠠᠮ ᠤᠨ ᠬᠤᠷᠢ᠊ ᠡᠶ᠎ᠡ ᠠᠴᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠤᠮᠤᠨ ᠤ ᠪᠦᠬᠦ ᠺᠠᠳ᠋ᠷ ᠠᠵᠢᠯᠲᠠᠨ ᠠᠵᠢᠯᠴᠢᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠪᠠᠰᠤᠷᠠᠭᠤᠯᠤᠯ ᠳᠤ ᠣᠷᠣᠯᠴᠠᠵᠠᠢ᠃    ᠪᠣᠯᠪᠠᠰᠤᠷᠠᠭᠤᠯᠤᠯ ᠳᠤ᠂ ᠨᠢᠭᠡ ᠳᠤ ᠢᠯᠡ ᠪᠣᠯᠭᠠᠬᠤ ᠬᠡᠯᠪᠡᠷᠢ ᠶᠢ ᠵᠢᠷᠤᠮᠵᠢᠭᠤᠯᠵᠤ᠂ ᠢᠯᠡ ᠪᠣᠯᠭᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ︽ᠭᠤᠷᠪᠠᠨ ᠶᠠᠪᠤᠳᠠᠯ︾ ᠢ ᠢᠯᠡ ᠪᠣᠯᠭᠠᠬᠤ ᠠᠭᠤᠯᠭ᠎ᠠ ᠶᠢ ᠵᠢᠷᠤᠮᠵᠢᠭᠤᠯᠵᠤ ᠂ ᠪᠠᠶᠢᠩᠭᠤ ᠶᠢᠨ ᠢᠯᠡ ᠪᠣᠯᠭᠠᠬᠤ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠴᠠᠭ ᠲᠤᠬᠠᠢ ᠳᠤᠨᠢ ᠢᠯᠡ ᠪᠣᠯᠭᠠᠬᠤ ᠵᠦᠢᠯᠡᠰ ᠢ ᠴᠠᠭ ᠲᠤᠬᠠᠢ ᠳᠤᠨᠢ ᠢᠯᠡ ᠪᠣᠯᠭᠠᠵᠤ᠂ ᠳᠦᠷᠢᠮ ᠢᠶᠠᠷ ᠭᠤᠣᠯ ᠪᠣᠯᠭᠠᠵᠤ᠂ ᠬᠢᠨᠠᠯᠲᠠ ᠲᠠᠯᠪᠢᠬᠤ ᠪᠠᠷ ᠪᠠᠲᠤᠯᠠᠭ᠎ᠠ ᠪᠣᠯᠭᠠᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠤᠷᠤᠭᠰᠢᠲᠠᠢ ᠥᠷᠨᠢᠬᠦ ᠶᠢ ᠲᠦᠯᠬᠢᠨ ᠠᠬᠢᠭᠤᠯᠤᠨ᠎ᠠ᠃ ᠬᠤᠶᠠᠷ ᠲᠤ᠂ ᠢᠯᠡ ᠪᠣᠯᠭᠠᠬᠤ ᠠᠴᠢᠶᠠᠯᠠᠪᠤᠷᠢ ᠶᠢ ᠳᠡᠭᠡᠭᠰᠢᠯᠡᠭᠦᠯᠵᠦ᠂ ᠢᠯᠡ ᠪᠣᠯᠭᠠᠬᠤ ᠠᠭᠤᠯᠭ᠎ᠠ ᠶᠢ ᠨᠠᠷᠢᠯᠢᠭᠵᠢᠭᠤᠯᠬᠤ ᠬᠡᠷᠡᠭᠲᠡᠢ᠃ ᠢᠯᠡ ᠪᠣᠯᠭᠠᠬᠤ ᠠᠵᠢᠯ ᠤᠨ ᠣᠯᠠᠨ ᠲᠦᠮᠡᠨ ᠤ ᠳᠤᠮᠳᠠ ᠦᠢᠯᠡᠳᠦᠯ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠢᠯᠡ ᠪᠣᠯᠭᠠᠬᠤ ᠠᠭᠤᠯᠭ᠎ᠠ ᠶᠢ ᠠᠯᠢ ᠴᠢᠳᠠᠬᠤ ᠪᠠᠷ ᠬᠦᠰᠦᠨᠦᠭᠲᠦ ᠶᠢᠨ ᠬᠡᠯᠪᠡᠷᠢ ᠪᠠᠷ ᠢᠯᠡᠷᠡᠭᠦᠯᠵᠦ᠂ ᠳᠥᠭᠦᠮ ᠣᠶᠢᠯᠠᠭᠠᠮᠵᠢᠲᠠᠢ ᠪᠣᠯᠭᠠᠵᠤ᠂ ᠣᠯᠠᠨ ᠲᠦᠮᠡᠨ ᠢ ᠲᠣᠳᠣᠷᠬᠠᠢ ᠪᠣᠯᠭᠠᠵᠤ᠂ ᠬᠠᠷᠢᠶ᠎ᠠ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠬᠡᠷᠡᠭᠲᠡᠢ᠃ ᠭᠤᠷᠪᠠ ᠳᠤ᠂ ᠦᠨᠡᠨ ᠪᠣᠳᠠᠲᠠᠢ ᠪᠠᠶᠢᠬᠤ ᠶᠢ ᠴᠢᠷᠮᠠᠶᠢᠨ ᠪᠠᠲᠤᠯᠠᠵᠤ᠂ ᠢᠯᠡ ᠪᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠮᠠᠯᠴᠢᠨ ᠲᠠᠷᠢᠶᠠᠴᠢᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠤᠯᠠᠮ ᠨᠢᠭᠡ ᠠᠯᠬᠤᠮ ᠥᠷᠭᠡᠳᠬᠡᠵᠦ᠂ ︽ᠭᠤᠷᠪᠠᠨ ᠶᠠᠪᠤᠳᠠᠯ︾ ᠤᠨ ᠠᠵᠢᠯ ᠤᠨ ᠢᠯᠡ ᠪᠠᠷ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠶᠠᠨᠨᠠᠭᠤᠷ ᠰᠤᠮᠤ ᠬᠢᠨᠠᠯᠲᠠ ᠲᠠᠯᠪᠢᠬᠤ ᠲᠣᠭᠲᠠᠴᠠ ᠪᠠᠨ ᠭᠦᠨᠵᠡᠭᠡᠶᠢᠷᠡᠭᠦᠯᠵᠦ᠂ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠲᠣᠭᠲᠠᠮᠠᠯ ᠬᠤᠭᠤᠴᠠᠭ᠎ᠠ ᠲᠠᠢ ᠪᠠᠷ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠰᠤᠮᠤ ᠲᠤᠰ ᠤᠳᠠᠭᠠᠨ ᠤ ᠪᠣᠯᠪᠠᠰᠤᠷᠠᠯ ᠢᠶᠠᠷ ᠴᠣ᠋ ᠰᠢᠨ᠎ᠡ ᠡᠬᠢᠯᠡᠯᠲᠡ ᠪᠣᠯᠭᠠᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠬᠤ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠢᠯᠡ ᠪᠣᠯᠭᠠᠬᠤ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠢᠯᠡ ᠪᠣᠯᠭᠠᠬᠤ ᠠᠭᠤᠯᠭ᠎ᠠ ᠪᠠᠨ ᠪᠠᠶᠠᠯᠢᠭᠵᠢᠭᠤᠯᠤᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠵᠢᠷᠤᠮᠵᠢᠭᠰᠠᠨ᠂ ᠳᠦᠷᠢᠮᠵᠢᠭᠰᠡᠨ᠂ ᠪᠠᠶᠢᠩᠭᠤᠵᠢᠭᠰᠠᠨ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠰᠤᠮᠤᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号