ᠰᠦᠨ ᠱᠤᠤ ᠴᠤᠩ ᠠᠯᠠᠱᠠ ᠠᠶᠢᠮᠠᠭ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/21
   ᠤᠷᠢᠬᠠᠨ ᠬᠠᠪᠤᠷ ᠰᠠᠭᠠᠲᠠᠬᠤ ᠪᠠᠷ ᠤᠮᠠᠷᠠᠲᠤ ᠬᠢᠯᠢ ᠳᠤ ᠡᠯᠡᠰᠦ ᠶᠢ ᠵᠠᠰᠠᠵᠦ ᠶᠠᠭᠠᠷᠠᠨ᠎ᠠ᠃ 3 ᠰᠠᠷ᠎ᠠ ᠶᠢᠨ 17 ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠯᠠᠱᠠ ᠵᠡᠭᠦᠨ ᠬᠤᠰᠢᠭᠤ ᠪᠣᠯᠤᠨ ᠠᠯᠠᠱᠠ ᠪᠠᠷᠠᠭᠤᠨ ᠬᠤᠰᠢᠭᠤᠨ ᠳᠤ ᠬᠦᠷᠴᠦ᠂ ᠤᠯᠠᠭᠠᠨᠪᠤᠬ᠎ᠠ ᠶᠢᠨ ᠡᠯᠡᠰᠦ᠂ ᠪᠠᠳᠠᠶ ᠶᠢᠨ ᠵᠢᠷᠠᠨ ᠤ ᠡᠯᠡᠰᠦ ᠪᠣᠯᠤᠨ ᠲᠩᠷᠢ ᠡᠯᠡᠰᠦᠨ ᠳᠤ ᠭᠦᠨᠵᠡᠭᠡᠶᠢᠷᠡᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃   ᠭᠤᠷᠪᠠᠨ ᠶᠡᠭᠡ ᠡᠯᠡᠰᠦᠨ ᠴᠥᠯ ᠤᠨ ᠵᠠᠬ᠎ᠠ ᠶᠢ ᠨᠢ ᠬᠤᠮᠢᠵᠤ ᠵᠠᠰᠠᠭᠰᠠᠨ ᠣᠶ ᠰᠢᠭᠤᠶ ᠡᠪᠡᠰᠦᠨ ᠤ ᠪᠦᠰᠡ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠬᠦ ᠳᠤ ᠮᠥᠷ ᠮᠦᠷ ᠢᠶᠠᠷ ᠵᠢᠭᠳᠡᠷᠡᠭᠰᠡᠨ ᠲᠦᠷᠪᠡᠯᠵᠢᠯᠡᠨ ᠲᠠᠷᠢᠭᠰᠠᠨ ᠡᠪᠡᠰᠦᠨ ᠬᠠᠰᠢᠯᠭ᠎ᠠ ᠨᠢᠳᠦᠨ ᠳᠤ ᠲᠣᠳᠣᠷᠠᠵᠤ᠂ ᠡᠯᠡᠰᠦᠷᠬᠡᠭᠵᠢᠯ ᠢ ᠵᠠᠰᠠᠬᠤ ᠠᠵᠢᠯᠴᠢᠨ ᠪᠣᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠯ᠎ᠡ ᠲᠥᠷᠥᠯ ᠤᠨ ᠮᠠᠰᠢᠨ ᠲᠥᠬᠦᠭᠡᠷᠦᠮᠵᠢ ᠶᠠᠭᠠᠷᠠᠯᠲᠠᠶ ᠠᠵᠢᠯᠯᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠪᠠᠶᠢᠭᠤᠯᠭ᠎ᠠ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠥᠪᠡᠷ ᠥᠪᠡᠷ ᠤᠨ ᠠᠯᠪᠠᠨ ᠵᠢᠷᠤᠮ ᠤᠨ ᠡᠯᠡᠰᠦᠷᠬᠡᠭᠵᠢᠯ ᠢ ᠵᠠᠰᠠᠬᠤ ᠬᠠᠷᠢᠭᠤᠴᠠᠯᠭ᠎ᠠ ᠶᠢᠨ ᠣᠷᠣᠨ ᠳᠤ ᠬᠥᠷ ᠬᠥᠭᠵᠢᠶᠡᠨᠲᠡᠶ ᠠᠵᠢᠯᠯᠠᠵᠤ ᠪᠠᠶᠢᠯ᠎ᠠ᠃ ᠰᠦᠨ ᠱᠤᠤ ᠴᠤᠩ ᠡᠯᠡᠰᠦᠨ ᠤ ᠬᠠᠯᠬᠠᠪᠴᠢ ᠳᠡᠪᠢᠰᠦᠭᠰᠡᠨ ᠪᠠᠶᠢᠳᠠᠯ ᠪᠣᠯᠤᠨ ᠡᠮᠦᠨ᠎ᠡ ᠨᠢ ᠳᠠᠷᠢᠭᠰᠠᠨ ᠤᠷᠭᠤᠮᠠᠯ ᠤᠨ ᠬᠤᠴᠢᠯᠭ᠎ᠠ ᠶᠢᠨ ᠤᠷᠭᠤᠴᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠭᠦᠬᠡᠢ ᠮᠠᠲ᠋ᠧᠷᠢᠶᠠᠯ ᠤᠨ ᠢᠷᠡᠯᠳᠡ᠂ ᠡᠯᠡᠰᠦ ᠶᠢ ᠵᠠᠰᠠᠬᠤ ᠥᠪᠡᠷ ᠤᠨ ᠦᠷᠳᠡᠭ᠂ ᠬᠥᠯᠥᠰᠥᠨ ᠠᠵᠢᠯ ᠤᠨ ᠣᠷᠣᠯᠭ᠎ᠠ ᠪᠣᠯᠤᠨ ᠵᠠᠰᠠᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠤᠯᠠᠨ ᠲᠠᠢ ᠬᠠᠮᠲᠤ ᠬᠦᠷᠵᠡ ᠠᠳᠬᠤᠨ ᠨᠦᠬᠡ ᠤᠬᠤᠵᠤ ᠵᠠᠭ ᠮᠤᠳᠤ ᠶᠢᠨ ᠴᠢᠬᠢ ᠵᠠᠶᠢᠯᠠᠪᠠ᠃ ᠲᠡᠷᠡ᠂ ᠬᠦᠴᠦᠨ ᠢᠶᠠᠨ ᠲᠥᠪᠯᠡᠷᠡᠭᠦᠯᠦᠨ ᠪᠠᠳᠠᠢ ᠶᠢᠨ ᠵᠢᠷᠠᠨ᠂ ᠲᠩᠷᠢ᠂ ᠤᠯᠠᠭᠠᠨᠪᠤᠬ᠎ᠠ ᠶᠢᠨ ᠡᠯᠡᠰᠦᠨ ᠴᠦᠯ ᠤᠨ ᠬᠥᠪᠡᠭᠡᠨ ᠳᠠᠬᠢ ᠰᠠᠯᠬᠢ ᠶᠢ ᠰᠡᠷᠭᠡᠶᠢᠯᠡᠵᠦ ᠡᠯᠡᠰᠦ ᠶᠢ ᠬᠤᠷᠢᠭᠯᠠᠬᠤ ᠪᠦᠰᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠳᠤᠲᠠᠭᠤᠳᠠᠯ ᠢ ᠳᠠᠷᠤᠢ ᠲᠦᠷᠭᠡᠨ ᠨᠥᠬᠦᠪᠥᠷᠢᠯᠡᠵᠦ᠂ ᠭᠤᠷᠪᠠᠨ ᠶᠡᠭᠡ ᠡᠯᠡᠰᠦᠨ ᠴᠦᠯ ᠢ ᠦᠨᠡᠨ ᠬᠦ ᠪᠠᠲᠤ ᠪᠦᠰᠡᠯᠡᠨ ᠬᠤᠷᠢᠭᠯᠠᠬᠤ ᠬᠡᠷᠡᠭᠲᠡᠢ᠃ ᠥᠪᠥᠷ ᠮᠣᠩᠭᠤᠯ ᠤᠨ 100 ᠲᠦᠮᠡᠨ ᠺᠢᠯᠦᠸᠠᠲ ᠤᠨ ᠬᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠪᠠ ᠳᠤᠮᠳᠠᠳᠤ ᠤᠯᠤᠰ ᠤᠨ ᠬᠤᠸᠠ ᠳ᠋ᠢᠶᠠᠨ ᠡᠯᠡᠰᠦ ᠭᠤᠪᠢ ᠴᠦᠯ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠣᠮᠣ ᠰᠠᠭᠤᠷᠢᠨ ᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠰᠦᠨ ᠱᠤᠤ ᠴᠤᠩ ᠬᠤᠯᠪᠣᠭᠳᠠᠯ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠥᠷᠥᠯ ᠵᠦᠢᠯ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠵᠡᠷᠭᠡ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠢ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠡᠨᠧᠷᠭᠢ ᠨᠥᠭᠡᠴᠡᠯᠡᠬᠦ ︽ᠪᠣᠭᠤᠮᠢ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠭᠡᠵᠦ ᠵᠣᠷᠢᠭᠵᠢᠭᠤᠯᠪᠠ᠃ ᠰᠦᠨ ᠱᠤᠤ ᠴᠤᠩ ᠪᠠᠰᠠ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠦᠵᠡᠭᠦᠯᠭᠡ ᠶᠢᠨ ᠣᠷᠳᠣᠨ ᠳᠤ ᠬᠦᠷᠴᠦ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠢ ᠨᠢᠭᠲᠠᠷᠠᠨ ᠪᠦᠯᠬᠦᠮᠳᠡᠵᠦ ᠳᠠᠪᠠᠭᠤᠯᠢᠭ ᠤᠨᠴᠠᠯᠢᠬᠳᠤ ᠡᠯᠡᠰᠦᠨ ᠤ ᠠᠵᠤ ᠦᠢᠯᠡᠰ ᠤᠨ ᠲᠦᠷᠦᠯ ᠲᠡᠮᠳᠡᠭ ᠢ ᠡᠭᠦᠳᠴᠦ᠂ ᠢᠳᠡᠪᠬᠢᠲᠡᠢ ᠪᠠᠷ ᠭᠠᠳᠠᠭᠰᠢ ᠭᠠᠷᠴᠤ ᠵᠠᠬ᠎ᠠ ᠳᠡᠯᠭᠡᠭᠦᠷ ᠢᠶᠠᠨ ᠥᠷᠭᠡᠳᠭᠡᠬᠦ ᠬᠡᠷᠡᠭᠲᠡᠢ ᠭᠡᠵᠦ ᠵᠠᠬᠢᠪᠠ᠃   19 ᠤ ᠦᠳᠡ ᠶᠢᠨ ᠬᠤᠶᠢᠨ᠎ᠠ᠂ ᠰᠦᠨ ᠱᠤᠤ ᠴᠤᠩ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠭ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠠᠢ ᠬᠠᠮᠲᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠳᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠬᠡᠷᠬᠢᠨ ᠨᠡᠩ ᠰᠠᠶᠢᠲᠤᠷ ᠲᠡᠮᠡᠴᠡᠨ ᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠴᠢ ᠬᠤᠯᠪᠣᠭᠳᠠᠯ ᠪᠦᠬᠦᠢ ᠠᠵᠢᠯ ᠢ ᠬᠡᠷᠬᠢᠨ ᠠᠬᠢᠭᠤᠯᠬᠤ ᠲᠤᠬᠠᠢ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠶᠢᠴᠢᠯᠠᠯᠳᠠ ᠶᠢᠨ ᠵᠠᠷᠯᠢᠭ ᠪᠠᠭᠤᠯᠭᠠᠪᠠ᠃ ᠡᠨᠡ ᠬᠤᠶᠠᠷ ᠵᠢᠯ ᠳᠤ ᠪᠦᠬᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ 2000 ᠲᠦᠮᠡᠨ ᠮᠦ ᠠᠴᠠ ᠳᠡᠭᠡᠭᠰᠢᠬᠢ ᠬᠠᠷᠠᠯᠲᠠ ᠶᠢ ᠲᠣᠭᠲᠠᠭᠠᠪᠠ᠂ ᠡᠨᠡ ᠪᠣᠯ ᠬᠠᠲᠠᠭᠤ ᠡᠭᠦᠷᠭᠡ ᠮᠦᠨ᠃ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠡᠷᠬᠡᠪᠰᠢ ᠴᠢᠩᠭ᠎ᠠ ᠠᠷᠭ᠎ᠠ ᠬᠡᠮᠵᠢᠶ᠎ᠡ ᠠᠪᠴᠤ᠂ ᠰᠢᠷᠭᠠᠭᠤ ᠴᠢᠷᠮᠠᠶᠢᠨ ᠪᠣᠳᠠᠲᠠᠢ ᠠᠵᠢᠯᠯᠠᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃   ᠰᠦᠨ ᠱᠤᠤ ᠴᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠡᠷᠢᠭ ᠠᠩᠬᠢ ᠶᠢᠨ ᠪᠠᠶᠢᠯᠳᠤᠭᠠᠨ ᠬᠢᠬᠦ ᠲᠠᠢ ᠠᠳᠠᠯᠢ ᠪᠠᠷ ᠨᠢᠭᠡ ᠲᠠᠯ᠎ᠠ ᠪᠠᠷ ᠰᠢᠨ᠎ᠡ ᠵᠢᠭᠰᠠᠭᠠᠯ ᠤᠨ ᠭᠠᠵᠠᠷ ᠢ ᠪᠦᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠨᠦᠬᠦᠬᠡ ᠲᠠᠯ᠎ᠠ ᠪᠠᠷ ᠬᠠᠭᠤᠴᠢᠨ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ︽ᠵᠠᠰᠠᠬᠤ︾ ᠪᠠ ︽ᠬᠠᠮᠠᠭᠠᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ︽ᠵᠠᠰᠠᠬᠤ︾ ᠭᠡᠳᠡᠭ ᠨᠢ ᠳᠠᠷᠤᠶ ᠠᠷᠪᠢᠨ ᠲᠦᠷᠭᠡᠨ ᠴᠢᠨᠠᠷᠲᠠᠶ ᠭᠠᠮᠲᠠᠶ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠠᠬᠢᠭᠤᠯᠬᠤ ᠶᠠᠪᠤᠳᠠᠯ ᠪᠣᠯᠤᠨ᠎ᠠ᠃ ᠱᠠᠯᠠᠪᠳᠠᠨ ᠬᠥᠳᠡᠯᠵᠦ᠂ ᠭᠠᠵᠠᠷ ᠭᠡᠰᠪᠡᠯ ᠳᠠᠷᠤᠢ ᠠᠵᠢᠯ ᠢᠶᠠᠨ ᠡᠬᠢᠯᠡᠭᠦᠯᠵᠦ᠂ ᠡᠮᠦᠨ᠎ᠡ ᠠᠴᠠ ᠬᠤᠶᠢᠰᠢ᠂ ᠪᠠᠷᠠᠭᠤᠨ ᠠᠴᠠ ᠵᠡᠭᠦᠨᠰᠢ ᠳᠠᠶᠢᠯᠠᠯᠳᠤᠭᠠᠨ ᠢ ᠳᠠᠷᠤᠢ ᠲᠦᠷᠭᠡᠨ ᠪᠦᠬᠦ ᠲᠠᠯ᠎ᠠ ᠪᠠᠷ ᠬᠢᠬᠦ ᠬᠡᠷᠡᠭᠲᠡᠢ᠃ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠵᠢᠯ ᠤᠨ ᠬᠤᠭᠤᠴᠠᠭ᠎ᠠ ᠶᠢ ᠵᠣᠬᠢᠰᠲᠠᠢ ᠲᠤᠬᠢᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠮᠠᠰᠢᠨ ᠮᠧᠬᠠᠨᠢᠭ ᠤᠨ ᠬᠦᠴᠦᠨ ᠳᠤ ᠲᠦᠰᠢᠭᠯᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ᠂ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠬᠢᠵᠠᠭᠠᠷ ᠲᠠᠢ ᠪᠡᠯᠡ ᠮᠥᠩᠭᠦ ᠶᠢ ᠨᠠᠷᠢᠯᠢᠭ ᠭᠠᠮᠲᠠᠢ ᠭᠡᠷᠡᠭᠯᠡᠵᠤ ᠨᠠᠩ ᠣᠯᠠᠨ ᠡᠯᠡᠰᠦ ᠶᠢ ᠵᠠᠰᠠᠬᠤ ᠬᠡᠷᠡᠭᠲᠡᠶ᠃ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠠᠪᠤᠳᠠᠯ ᠢ ᠶᠡᠭᠡ ᠪᠠᠷ ᠳᠡᠯᠭᠡᠷᠡᠭᠦᠯᠵᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠵᠠᠭᠪᠤᠷ ᠢ ᠰᠢᠯᠢᠳᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠬᠡᠰᠡᠭ ᠭᠠᠵᠠᠷ ᠤᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠵᠦ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠨᠢᠭᠡ ᠬᠡᠰᠡᠭ ᠢ ᠵᠠᠰᠠᠪᠠᠯ ᠨᠢᠭᠡ ᠬᠡᠰᠡᠭ ᠢ ᠪᠠᠬᠢᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠠᠮᠠᠭᠠᠯᠠᠬᠤ︾ ᠭᠡᠳᠡᠭ ᠨᠢ ᠦᠨᠡᠨ ᠬᠦ ᠡᠷᠡᠰ ᠬᠠᠲᠠᠭᠤ ᠪᠠᠷ ᠣᠢ ᠰᠢᠭᠤᠶ ᠡᠪᠡᠰᠦ ᠪᠡᠯᠴᠢᠭᠡᠷ ᠢ ᠡᠪᠳᠡᠬᠦ ᠶᠢ ᠬᠤᠷᠢᠭᠯᠠᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠭᠠᠴᠠᠭ᠎ᠠ ᠲᠣᠰᠬᠤᠨ ᠤ ︽ᠨᠠᠮ ᠤᠨ ᠡᠭᠦᠷ ᠠᠷᠠᠳ ᠤᠨ ᠵᠥᠪᠯᠡᠯ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠤ᠂ ᠡᠪᠳᠡᠯᠡᠭᠡ ᠬᠢᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠬᠦ ᠪᠠ ᠰᠦᠷᠳᠡᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠨᠢ ᠵᠢᠭᠰᠢᠯᠲᠡᠢ ᠭᠡᠬᠦ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠬᠤ ᠬᠡᠷᠡᠭᠲᠡᠢ᠃ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠵᠠᠰᠠᠬᠤ ᠲᠤᠭᠲᠠᠴᠠ ᠶᠢ ᠪᠦᠷᠢᠨᠰᠢᠭᠦᠯᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠢᠯᠪᠠᠷ ᠪᠤᠰᠤ ᠪᠠᠷ ᠣᠯᠤᠭᠰᠠᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠭᠡᠵᠦ᠂ ᠬᠤᠭᠤᠴᠠᠭ᠎ᠠ ᠶᠣᠰᠣᠭᠠᠷ ᠬᠠᠭᠤᠳᠠᠰᠦ ᠲᠤᠰᠢᠶᠠᠵᠤ ᠳᠠᠩᠰᠠ ᠮᠡᠳᠡᠭᠦᠯᠬᠦ ᠬᠡᠷᠡᠭᠲᠡᠢ ᠭᠡᠵᠤ ᠬᠡᠯᠡᠪᠡ᠃   ᠬᠠᠮᠤᠭ ᠤᠨ ᠡᠴᠦᠰ ᠲᠤ ᠰᠦᠨ ᠱᠤᠤ ᠴᠧᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ ᠂ ᠡᠯ᠎ᠡ ᠱᠠᠲᠤᠨ ᠤ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠠᠷᠠᠯᠲᠠ ᠴᠢᠭᠯᠡᠯ ᠢ ᠰᠠᠶᠢᠲᠤᠷ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠵᠢᠱᠶ᠊ ᠡᠶ᠎ᠡ ᠦᠵᠡᠭᠦᠯᠦᠨ ᠬᠦᠳᠦᠯᠥᠨ ᠳᠠᠭᠠᠭᠤᠯᠬᠤ ᠶᠢ ᠰᠠᠶᠢᠲᠤᠷ ᠬᠢᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠲᠦᠢᠯᠪᠦᠷᠢᠲᠡᠢ ᠠᠳᠬᠤᠵᠤ᠂ ᠰᠤᠷᠤᠯᠴᠠᠯᠭ᠎ᠠ ᠬᠥᠮᠦᠵᠢᠯ ᠢ ᠬᠦᠴᠦᠲᠡᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃   ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号