ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2025 ᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/25
   ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠲᠣᠭᠲᠠᠴᠠ ᠶᠢ ᠭᠦᠨᠵᠡᠭᠡᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠤᠯᠤᠰ ᠤᠨ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠰᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠪᠦᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠡᠮᠬᠢᠯᠡᠨ ᠳ᠋ᠦᠩᠨᠡᠵᠦ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2025 ᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠡᠷᠬᠢᠯᠡᠪᠡ᠃ ᠠᠵᠢᠯᠯᠠᠭ᠎ᠠ ᠨᠢ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠡᠯᠬᠢᠶ᠎ᠡ ᠬᠥᠳᠡᠯᠭᠡᠬᠦ ᠦᠬᠡᠷ ᠤᠨ ᠦᠢᠯᠡᠰ ᠢᠶᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠ ᠲᠠᠷᠢᠶᠠᠴᠢᠨ ᠤ ᠬᠢᠩᠭᠠᠨ ᠡᠭᠦᠯᠳᠡᠷ ᠤᠨ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 6 ᠴᠡᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠯᠠᠰᠢᠨ ᠦᠬᠡᠷ ᠪᠣᠷᠳᠣᠵᠤ ᠲᠡᠵᠢᠭᠡᠨ ᠦᠷᠡᠵᠢᠭᠦᠯᠬᠦ᠂ ᠡᠭᠦᠯᠳᠡᠷ ᠢ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠦᠢᠯᠡᠳᠪᠦᠷᠢᠯᠡᠵᠦ ᠡᠳ᠋ᠰᠢᠭᠦᠯᠬᠦ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠠᠭᠤᠯᠭ᠎ᠠ ᠶᠢᠨ ᠲᠤᠬᠠᠢ ᠭᠦᠨᠵᠡᠭᠡᠢ ᠰᠣᠯᠢᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠪᠦᠲᠦᠮᠵᠢᠲᠡᠢ ᠠᠵᠢᠯᠯᠠᠭᠠᠨ ᠤ ᠵᠠᠭᠪᠤᠷ ᠪᠣᠯᠤᠨ ᠠᠷᠭ᠎ᠠ ᠵᠠᠮ ᠤᠨ ᠲᠤᠯᠭᠠᠭᠤᠷᠢᠯᠠᠯ ᠬᠠᠩᠭᠠᠵᠠᠢ᠃ ᠳᠠᠷᠠᠭ᠎ᠠ ᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠪ ᠲᠤ 2025 ᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠨᠠᠮ ᠤᠨ ᠬᠤᠷᠢᠶᠠᠨ ᠤ ᠠᠩᠬᠠᠳᠤᠭᠠᠷ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠵᠥᠪᠯᠡᠯ ᠢ ᠪᠠᠶᠢᠭᠤᠯᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ ᠠᠴᠠ᠂ ᠨᠠᠮ ᠤᠨ ᠬᠤᠷᠢᠶᠠᠨ ᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠬᠤᠷᠰᠢᠶ᠎ᠠ᠂ ᠮᠠᠯᠴᠢᠨ ᠲᠠᠷᠢᠶᠠᠴᠢᠨ ᠵᠡᠷᠭᠡ ᠭᠤᠣᠯ ᠴᠣᠭᠴᠠ ᠶᠢ ᠬᠤᠯᠪᠣᠵᠤ᠂ ᠬᠡᠯᠬᠢᠶ᠎ᠡ ᠶᠢᠨ ᠳᠣᠲᠣᠷᠠᠬᠢ ᠡᠯ᠎ᠡ ᠭᠤᠣᠯ ᠴᠣᠭᠴᠠ ᠶᠢᠨ ᠬᠤᠭᠤᠷᠣᠨᠳᠣᠬᠢ ᠬᠠᠮᠵᠢᠯᠴᠠᠨ ᠬᠥᠳᠡᠯᠦᠯᠴᠡᠬᠦ᠂ ᠬᠠᠮᠲᠤᠷᠠᠯᠴᠠᠨ ᠰᠣᠯᠢᠯᠴᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠭᠤᠣᠯ ᠴᠣᠭᠴᠠ ᠶᠢᠨ ᠮᠡᠳᠡᠭᠡ ᠵᠠᠩᠭᠢ ᠲᠡᠭᠰᠢ ᠭᠡᠮ ᠦᠭᠡᠢ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠳᠤ ᠬᠦᠴᠢᠷ᠂ ᠪᠥᠭᠡᠮᠨᠡᠷᠡᠯ ᠤᠨ ᠦᠢᠯᠡᠳᠦᠯ ᠪᠠᠭᠤᠷᠠᠢ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ︾ ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ᠃ ᠨᠠᠮ ᠤᠨ ᠬᠤᠷᠢᠶ᠎ᠠ ᠲᠠᠪᠴᠠᠩ ᠪᠠᠶᠢᠭᠤᠯᠬᠤ ᠪᠠᠷ ᠳᠠᠮᠵᠢᠨ᠂ ︽ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠬᠦ︾ ᠪᠠᠷ ᠬᠠᠷᠠᠯᠲᠠ ᠪᠣᠯᠭᠠᠵᠤ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ᠂ ᠣᠯᠠᠨ ᠲᠠᠯ᠎ᠠ ᠪᠠᠷ ᠠᠰᠢᠭ ᠬᠦᠷᠲᠡᠬᠦ᠂ ᠬᠠᠮᠲᠤᠪᠠᠷ ᠠᠰᠢᠭ ᠬᠦᠷᠲᠡᠬᠦ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠭᠠᠷ ᠬᠤᠯᠪᠣᠨ ᠨᠡᠭᠡᠭᠡᠪᠡ᠃ ᠠᠵᠢᠯ ᠤᠨ ᠬᠠᠷᠢᠭᠤᠴᠠᠯᠭ᠎ᠠ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠨᠠᠮ ᠤᠨ  ᠬᠤᠷᠢᠶ᠎ᠠ ᠶᠢᠨ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ᠂ ᠤᠷᠢᠳᠴᠢᠯᠠᠨ ᠵᠣᠯᠭᠠᠭᠤᠯᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠪᠠᠲᠤ ᠪᠠᠬᠢ ᠰᠠᠭᠤᠷᠢ ᠪᠠ ᠲᠤᠯᠭᠠᠭᠤᠷᠢᠯᠠᠯ ᠬᠠᠩᠭᠠᠨ᠎ᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠴᠧᠨ ᠯᠢ ᠭᠦᠸᠧ ᠨᠡᠷ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号