ᠵᠠᠰᠠᠭ ᠤᠨ ᠣᠷᠳᠣᠨ ᠤ ᠠᠵᠢᠯ ᠤᠨ ᠢᠯᠡᠳᠭᠡᠯ ︵2︶
ᠨᠡᠶᠢᠲᠡᠯᠡᠭᠰᠡᠨ ᠴᠠᠭ᠄
2025/3/25
   ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ   ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠰᠡᠭᠦᠯᠴᠢ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠡᠳᠦᠪᠯᠡᠬᠦ ᠵᠢᠯ ᠪᠣᠯᠤᠨ᠎ᠠ᠃ ᠪᠢᠳᠡ ᠬᠤᠰᠢᠭᠤᠨ ᠤ ᠨᠠᠮ ᠤᠨ ᠬᠤᠷᠢᠶᠠᠨ ᠤ ︵ᠥᠷᠭᠡᠳᠬᠡᠭᠰᠡᠨ ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠨᠠᠶᠢᠳᠠᠪᠦᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠵᠤ᠂ ︽ᠲᠠᠪᠤᠨ ᠨᠢᠭᠡᠳᠦᠭᠡᠷ︾ ᠤᠨ ᠠᠵᠢᠯ ᠤᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠰᠤᠶᠤᠯ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃    ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 18% ᠣᠷᠴᠢᠮ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4.5% ᠣᠷᠴᠢᠮ ᠨᠡᠮᠡᠭᠳᠡᠭᠦᠯᠦᠨ᠎ᠡ᠃   ᠭᠤᠤᠯᠳᠠᠭᠤ 8 ᠲᠠᠯ᠎ᠠ ᠶᠢᠨ ᠠᠵᠢᠯ ᠢ ᠰᠠᠶᠢᠲᠤᠷ ᠬᠢᠨ᠎ᠡ᠃   ︵ᠨᠢᠭᠡ︶ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠴᠢᠩᠭᠠᠷᠠᠭᠤᠯᠤᠨ᠎ᠠ   ᠠᠷᠭ᠎ᠠ ᠪᠦᠬᠦᠨ ᠢ ᠰᠦᠪᠡᠭᠴᠢᠯᠡᠵᠦ ᠪᠡᠯᠡ ᠣᠷᠣᠭᠤᠯᠤᠯᠲᠠ ᠶᠢ ᠠᠬᠢᠭᠤᠯᠤᠨ᠎ᠠ᠃ ︽ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠥᠷᠥᠯ ᠵᠦᠢᠯ ᠢ ᠲᠥᠯᠥᠪᠵᠢᠭᠦᠯᠬᠦ ᠪᠣᠯ ᠳᠠᠷᠤᠢ ᠢᠷᠡᠭᠡᠳᠦᠢ ᠶᠢ ᠰᠦᠪᠡᠭᠴᠢᠯᠡᠵᠦ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠣᠢ ᠪᠣᠯᠭᠠᠵᠤ᠂ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠶᠢ ᠥᠷᠨᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ 100 ᠠᠴᠠ ᠳᠡᠭᠡᠭᠰᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 70 ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ︽ᠬᠤᠶᠠᠷ ᠰᠢᠨ᠎ᠡ︾ ︽ᠬᠤᠶᠠᠷ ᠴᠢᠬᠤᠯᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠨᠥᠭᠡᠴᠡ ᠶᠢᠨ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠷᠠᠭᠤᠯᠤᠨ᠂ ᠳᠡᠭᠡᠳᠦ ᠱᠠᠲᠤᠨ ᠠᠴᠠ ᠳᠡᠮᠡᠴᠡᠨ ᠤᠯᠬᠤ ᠪᠡᠯᠡ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ︽ᠶᠡᠬᠡᠪᠡᠷ ᠬᠤᠳᠠᠯᠳᠤᠭᠠᠴᠢᠨ ᠤᠷᠢᠬᠤ ᠦᠬᠡᠢ ᠪᠣᠯ ᠶᠡᠭᠡ ᠬᠥᠭᠵᠢᠯᠲᠡ ᠭᠡᠵᠦ ᠪᠠᠶᠢᠬᠤ ᠦᠭᠡᠢ︾ ᠭᠡᠬᠦ ᠣᠶᠢᠯᠠᠭᠠᠭᠳᠠᠬᠤᠨ ᠢ ᠪᠣᠢ ᠪᠣᠯᠭᠠᠵᠤ᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ ᠥᠷᠨᠢᠭᠦᠯᠵᠦ᠂ ᠳᠥᠷᠪᠡᠨ ᠶᠡᠭᠡ ᠠᠵᠤ ᠦᠢᠯᠡᠰ ᠤᠨ ᠲᠣᠭᠤᠷᠢᠨ ᠳᠤ ᠡᠬᠢ ᠪᠠᠶᠠᠯᠢᠭ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠭᠠᠵᠠᠷ ᠠᠯᠤᠰᠯᠠᠨ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ᠪᠡᠯᠡ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃   ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ︽ᠰᠡᠳᠬᠢᠯ ᠢ ᠳᠤᠯᠠᠭᠠᠴᠠᠭᠤᠯᠤᠨ ᠬᠠᠪᠰᠤᠷᠤᠨ ᠭᠦᠢᠴᠡᠳᠬᠡᠬᠦ᠂ ᠰᠡᠳᠬᠢᠯ ᠲᠠᠯᠪᠢᠨ ᠵᠢᠯᠣᠭᠤᠳᠬᠤ᠂ ᠰᠡᠳᠬᠢᠯ ᠲᠠᠯᠪᠢᠨ ᠪᠠᠲᠤᠯᠠᠬᠤ︾ ᠣᠨᠣᠯᠵᠢᠬᠤᠨ ᠢ ᠪᠣᠢ ᠪᠣᠯᠭᠠᠵᠤ᠂ ᠲᠥᠷᠥᠯ ᠵᠦᠢᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠪᠡᠯᠡ ᠲᠣᠬᠢᠷᠠᠭᠤᠯᠬᠤ ᠵᠡᠷᠭᠡ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠪᠣᠯᠪᠠᠰᠤᠷᠠᠩᠭᠤᠢ ᠪᠣᠯᠪᠠᠯ ᠨᠢᠭᠡ ᠶᠢ ᠮᠡᠳᠡᠭᠦᠯᠵᠦ᠂ ᠨᠢᠭᠡ ᠶᠢ ᠵᠥᠪᠰᠢᠶᠡᠷᠡᠪᠡᠯ ᠨᠢᠭᠡ ᠶᠢ ᠡᠬᠢᠯᠡᠭᠦᠯᠬᠦ ᠶᠢ ᠪᠠᠲᠤᠯᠠᠵᠤ᠂ ᠨᠢᠭᠡ ᠶᠢ ᠴᠣᠬᠤᠯᠠᠪᠣᠷᠢᠯᠠᠨ᠎ᠠ᠃ ᠲᠥᠷᠥᠯ ᠵᠦᠢᠯ ᠤᠨ ᠨᠢᠭᠡᠴᠡ᠂ ᠠᠵᠢᠯ ᠲᠥᠷᠥᠯ ᠤᠨ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠢ ᠪᠣᠯᠭᠠᠵᠤ᠂ ᠬᠠᠤᠯᠢ ᠪᠤᠰᠤ ᠪᠠᠷ ᠪᠠᠷᠢᠯᠭ᠎ᠠ ᠪᠠᠷᠢᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠦᠭᠬᠦᠨ᠎ᠡ᠃ ᠬᠤᠣᠯᠢᠩᠭᠤᠣᠯ ᠬᠤᠲᠠ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠦᠰᠬᠤᠸᠠ ᠭᠠᠯᠲᠤ ᠲᠡᠷᠭᠡᠨ ᠥᠷᠲᠡᠭᠡ ᠶᠢ ᠨᠡᠭᠦᠯᠭᠡᠬᠦ᠂ ᠨᠡᠭᠦᠷᠡᠰᠦ ᠲᠥᠪᠯᠡᠷᠡᠭᠦᠯᠵᠦ ᠲᠠᠷᠬᠠᠭᠠᠬᠤ ᠲᠥᠪ ᠵᠡᠷᠭᠡ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠲᠥᠷᠥᠯ ᠵᠦᠢᠯ ᠢ ᠬᠠᠮᠲᠤᠪᠠᠷ ᠰᠦᠪᠡᠭᠴᠢᠯᠡᠨ᠎ᠡ᠃   ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ︽ᠭᠤᠶᠤᠴᠢᠯᠠᠪᠠᠯ ᠵᠠᠪᠠᠯ ᠭᠦᠢᠴᠡᠳᠬᠡᠬᠦ᠂ ᠤᠴᠢᠷ ᠦᠭᠡᠢ ᠪᠣᠯ ᠬᠠᠷᠰᠢᠯᠠᠬᠤ ᠦᠭᠡᠢ︾ ︽ᠥᠨᠳᠥᠷ ᠪᠦᠲᠦᠮᠵᠢᠲᠡᠢ ᠪᠠᠷ ᠭᠦᠢᠴᠡᠳᠬᠡᠬᠦ︾ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠭᠦᠨᠵᠡᠭᠡᠶᠢᠷᠡᠭᠦᠯᠵᠦ᠂ ︽ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠬᠦ ᠲᠡᠷᠭᠡ︾᠂ ᠵᠠᠰᠠᠭ ᠤᠨ ᠶᠠᠪᠤᠳᠠᠯ ᠢ ᠢᠯᠡ ᠪᠣᠯᠭᠠᠬᠤ ︽ᠺᠣᠳ᠋ ᠳᠡᠭᠡᠷᠡᠬᠢ︾ ᠦᠢᠯᠡᠴᠢᠯᠡᠭᠡ ᠳᠤ ᠰᠢᠨ᠎ᠡ ᠶᠢ ᠡᠭᠦᠳᠦᠨ ᠨᠡᠶᠢᠲᠡᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠥᠷᠨᠢᠭᠦᠯᠵᠦ᠂ ᠠᠵᠤ ᠠᠬᠤᠶᠢᠯᠠᠯ ᠯᠤᠭ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠳᠦᠷᠪᠡᠨ ᠳᠡᠭᠡᠭᠰᠢᠬᠢ︾ ᠠᠵᠤ ᠠᠬᠤᠶᠢᠯᠠᠯ ᠢ 4 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠡᠯ᠎ᠡ ᠲᠥᠷᠥᠯ ᠤᠨ ᠠᠵᠤ ᠠᠬᠤᠶᠢᠯᠠᠯ ᠳᠤ ᠨᠢᠭᠡ ᠯᠡ ᠬᠡᠪ ᠢᠶᠠᠷ ᠬᠠᠨᠳᠤᠵᠤ᠂ ᠵᠠᠰᠠᠭ ᠠᠵᠤ ᠠᠬᠤᠶᠢᠯᠠᠯ ᠤᠨ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ︽ᠬᠦᠯᠢᠶᠡᠨ ᠠᠪᠴᠤ ᠰᠢᠢᠳᠪᠦᠷᠢᠯᠡᠬᠦ᠂ ᠰᠢᠢᠳᠪᠦᠷᠢᠯᠡᠬᠦ᠂ ᠬᠠᠷᠢᠭᠤ ᠲᠤᠰᠬᠠᠬᠤ︾ ᠴᠠᠭᠠᠷᠢᠭ ᠢ ᠪᠤᠢ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠥᠷᠢ ᠥᠭᠴᠡᠭᠡ ᠪᠠᠶᠢᠪᠠᠯ ᠵᠣᠭᠤᠰ ᠢᠶᠠᠨ ᠪᠤᠴᠠᠭᠠᠬᠤ᠂ ᠰᠢᠨ᠎ᠡ ᠪᠠᠷ ᠳᠤᠰᠢᠶᠠᠯ ᠳᠤ ᠭᠠᠷᠤᠭᠰᠠᠳ ᠡᠮᠦᠨᠡᠬᠢ ᠳᠤᠰᠢᠶᠠᠯᠳᠠᠳ ᠤᠨ ᠦᠷᠢ ᠦᠭᠴᠡᠭᠡ ᠶᠢ ᠮᠡᠳᠡᠷᠡᠬᠦ︾ ᠶᠢ ᠪᠠᠷᠢᠮᠲᠠᠯᠠᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠥᠭᠴᠡᠭᠡ ᠪᠠᠨ ᠲᠥᠯᠥᠵᠦ ᠳᠠᠭᠤᠰᠬᠠᠬᠤ ᠡᠷᠴᠢᠮ ᠢᠶᠠᠨ ᠴᠢᠩᠭᠠᠷᠠᠭᠤᠯᠤᠨ᠎ᠠ᠃   ︵ᠬᠤᠶᠠᠷ︶ ᠲᠠᠷᠢᠶᠠᠯᠠᠩ ᠢ ᠬᠦᠴᠦᠷᠬᠡᠭᠵᠢᠭᠦᠯᠦᠨ ᠮᠠᠯ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠵᠢᠷᠠᠯ ᠤᠨ ᠬᠦᠴᠦᠨ ᠢ ᠬᠦᠭᠵᠢᠬᠡᠨ᠎ᠡ   ᠲᠠᠷᠢᠮᠠᠯ ᠤᠨ ᠦᠢᠯᠡᠰ ᠢ ᠨᠠᠷᠢᠯᠢᠭ ᠬᠢᠨ᠎ᠡ᠃ ︽ᠲᠠᠯᠠᠪᠠᠢ ᠶᠢ ᠲᠣᠭᠲᠠᠪᠤᠷᠢᠵᠢᠭᠤᠯᠵᠤ᠂ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ︾ ᠬᠤᠶᠠᠷ ᠲᠠᠯ᠎ᠠ ᠪᠠᠷ ᠬᠦᠴᠦᠯᠡᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 300 ᠲᠦᠮᠡᠨ ᠮᠦ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠬᠠᠷᠢᠴᠠᠯ ᠢ ᠦᠷᠭᠦᠯᠵᠢᠯᠡᠨ ᠳᠡᠭᠡᠭᠰᠢᠯᠡᠬᠦᠯᠦᠨ᠎ᠡ᠃ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ᠂ ᠤᠮᠠᠷᠠᠲᠤ ᠬᠡᠰᠡᠭ ᠤᠨ ᠰᠤᠮᠤ ᠪᠠᠯᠭᠠᠰᠤᠨ  ᠳᠤ ᠪᠣᠬᠢᠷᠲᠤᠯ ᠦᠭᠡᠢ ᠣᠷᠭᠠᠨᠢᠭ ᠰᠢᠷ᠎ᠠ ᠪᠤᠷᠴᠠᠭ ᠵᠢᠴᠢ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠪᠦᠰᠡ ᠶᠢ ᠭᠤᠣᠯᠳᠠᠯᠭ᠎ᠠ ᠲᠠᠢ ᠪᠠᠶᠢᠭᠤᠯᠵᠤ᠂ ᠳᠤᠮᠳᠠ ᠡᠮᠦᠨᠡᠲᠦ ᠬᠡᠰᠡᠭ ᠤᠨ ᠰᠤᠮᠤ ᠪᠠᠯᠭᠠᠰᠤᠨ ᠳᠤ ᠴᠢᠨᠠᠷ ᠰᠠᠶᠢᠲᠠᠢ ᠥᠨᠳᠥᠷ ᠤᠨᠠᠯᠲᠠ ᠲᠠᠢ ᠡᠷᠳᠡᠨᠢ ᠰᠢᠰᠢ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠪᠦᠰᠡ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠤᠨᠠᠯᠲᠠ ᠶᠢ ᠨᠡᠮᠡᠭᠳᠡᠭᠦᠯᠬᠦ ᠰᠠᠭᠤᠷᠢ ᠶᠢ ᠰᠠᠶᠢᠲᠤᠷ ᠲᠠᠯᠪᠢᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ 24 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 140 ᠲᠦᠮᠡᠨ ᠮᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠶᠢ ᠬᠡᠷᠡᠭᠵᠢᠭᠦᠯᠵᠦ᠂ ᠡᠷᠳᠡᠨᠢ ᠰᠢᠰᠢ ᠶᠢ ᠨᠢᠭᠲᠠ ᠲᠠᠷᠢᠬᠤ ᠪᠠ ᠭᠦᠶᠦᠭᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ 130 ᠲᠦᠮᠡᠨ ᠮᠦ ᠲᠠᠷᠢᠶᠠᠨ ᠭᠠᠵᠠᠷ ᠢ ᠳᠡᠯᠭᠡᠷᠡᠭᠦᠯᠵᠦ᠂ 90 ᠲᠦᠮᠡᠨ ᠮᠦ ᠲᠠᠷᠢᠶᠠᠨ ᠭᠠᠵᠠᠷ ᠢ ᠡᠭᠡᠯᠵᠢᠯᠡᠨ ᠲᠠᠷᠢᠵᠤ᠂ 90 ᠲᠦᠮᠡᠨ ᠮᠦ ᠲᠠᠷᠢᠶᠠᠨ ᠭᠠᠵᠠᠷ ᠢ ᠭᠦᠨ ᠰᠤᠯᠠᠷᠠᠭᠤᠯᠵᠤ ᠲᠡᠭᠰᠢᠯᠡᠨ᠂ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ 27 ᠲᠦᠮᠡᠨ ᠮᠦ ᠳᠡᠭᠡᠭᠰᠢᠯᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ 1 ᠪᠠᠶᠢᠭᠤᠯᠤᠨ᠎ᠠ᠃ ᠰᠠᠭᠤᠷᠢᠨ ᠭᠠᠵᠠᠷ ᠤᠨ ᠲᠤᠯᠭᠠᠭᠤᠷᠢᠯᠠᠯ ᠢ ᠴᠢᠩᠭᠠᠳᠬᠠᠵᠤ᠂ 10 ᠲᠦᠮᠡᠨ ᠮᠦ ᠬᠤᠤᠯᠢᠨ ᠭᠤᠤᠯ ᠤᠨ ᠰᠠᠪᠠ ᠭᠠᠵᠠᠷ ᠤᠨ ᠡᠷᠭᠢ ᠳᠠᠭᠠᠤ ᠶᠢᠨ ᠴᠢᠨᠠᠷ ᠰᠠᠶᠢᠲᠠᠢ ᠪᠣᠬᠢᠷᠲᠤᠯ ᠦᠭᠡᠢ ᠤᠰᠤᠨ ᠲᠤᠲᠤᠷᠭ᠎ᠠ ᠶᠢᠨ ᠰᠠᠭᠤᠷᠢᠨ ᠭᠠᠵᠠᠷ᠂ 2 ᠲᠦᠮᠡᠨ ᠮᠦ ᠰᠢᠨ ᠰᠢᠤᠸᠠᠨ ᠪᠦᠯᠦᠭᠯᠡᠯ ᠤᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠲᠥᠪ ᠤᠨ ᠠᠰᠢᠭᠯᠠᠯᠲᠠ ᠳᠤ ᠣᠷᠣᠵᠤ ᠡᠵᠡᠩᠨᠡᠬᠦ ᠶᠢ ᠪᠠᠲᠤᠯᠠᠨ᠎ᠠ᠃ ᠣᠯᠠᠨ ᠡᠰᠢᠲᠦ ᠦᠢᠯᠡᠴᠢᠯᠡᠭᠡ ᠶᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠲᠦᠰᠢᠭᠯᠡᠨ᠂ ︽ᠣᠷᠣᠯᠠᠨ ᠬᠠᠭᠠᠯᠪᠤᠷᠢᠯᠠᠬᠤ ᠣᠷᠣᠯᠠᠨ ᠲᠠᠷᠢᠬᠤ ᠣᠷᠣᠯᠠᠨ ᠬᠠᠮᠢᠶᠠᠷᠬᠤ ᠣᠷᠣᠯᠠᠨ ᠬᠤᠷᠢᠶᠠᠬᠤ ᠣᠷᠣᠯᠠᠨ ᠪᠣᠷᠣᠯᠠᠭᠤᠯᠬᠤ︾ ︽ᠨᠢᠭᠡᠳᠦᠯᠲᠡᠢ ᠳᠠᠷᠢᠵᠤ ᠬᠠᠮᠲᠤᠪᠠᠷ ᠪᠠᠶᠠᠵᠢᠬᠤ︾ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠨ᠂ ᠠᠮᠤ ᠪᠤᠳᠠᠭᠠᠨ ᠤ ᠲᠠᠷᠢᠮᠠᠯ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠳᠡᠭᠡᠭᠰᠢᠯᠡᠭᠦᠯᠦᠨ᠎ᠡ᠃   ᠮᠠᠯ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃  ︽ᠬᠡᠯᠬᠢᠶ᠎ᠡ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ︾ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠡᠵᠢᠭᠡᠯ ᠡᠪᠡᠰᠦᠨ ᠤ ᠪᠠᠲᠤᠯᠠᠭ᠎ᠠ ᠶᠢ ᠴᠢᠩᠭᠠᠳᠬᠠᠵᠤ᠂ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠢ ᠬᠤᠷᠢᠶᠠᠨ ᠠᠪᠴᠤ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ 90 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠤ᠂ ᠡᠰᠢ ᠰᠦᠷᠡᠯ ᠢ ᠬᠤᠪᠢᠷᠠᠭᠤᠯᠬᠤ ᠨᠣᠷᠮ᠎ᠠ ᠶᠢ 85% ᠠᠴᠠ ᠳᠡᠭᠡᠭᠰᠢ ᠪᠠᠶᠢᠯᠭᠠᠨ᠎ᠠ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠲᠦᠷᠭᠡᠳᠬᠡᠵᠦ᠂ ᠦᠷ᠎ᠡ ᠶᠢᠨ ᠦᠷ᠎ᠡ ᠶᠢᠨ ᠢᠷᠡᠯᠲᠡ ᠶᠢᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ 500 ᠲᠦᠮᠡᠨ ᠴᠢᠨᠠᠷ ᠰᠠᠶᠢᠲᠠᠢ ᠢᠴᠡᠭᠡᠯ ᠦᠷ᠎ᠡ ᠦᠢᠯᠡᠳᠪᠦᠷᠢᠯᠡᠵᠦ᠂ ᠡᠮᠦᠨᠡᠲᠦ ᠬᠡᠰᠡᠭ ᠤᠨ ᠰᠤᠮᠤ ᠪᠠᠯᠭᠠᠰᠤᠨ ᠤ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠤᠯᠠᠮᠵᠢᠯᠠᠯᠲᠤ ᠳᠠᠪᠠᠭᠤᠯᠢᠭ ᠢ ᠪᠠᠬᠢᠵᠢᠭᠦᠯᠵᠦ᠂ ᠳᠤᠮᠳᠠ ᠬᠤᠶᠢᠲᠤ ᠬᠡᠰᠡᠭ ᠤᠨ ᠰᠤᠮᠤ ᠪᠠᠯᠭᠠᠰᠤᠨ ᠤ ᠴᠢᠨᠠᠷ ᠰᠠᠶᠢᠲᠠᠢ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠵᠤ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ︽ᠵᠠᠭᠤᠨ ᠲᠦᠮᠡᠨ ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ︾ ᠢ ᠰᠠᠶᠢᠲᠤᠷ ᠠᠳᠬᠤᠵᠤ᠂ ᠵᠢᠦ ᠹᠦ᠋ ᠬᠤᠨᠢ᠂ ᠤᠮᠠᠷᠠᠲᠤ ᠶᠢᠨ ᠬᠤᠯᠪᠣᠭᠠᠲᠤ ᠮᠠᠯ ᠠᠵᠤ ᠠᠬᠤᠢ ᠵᠡᠷᠭᠡ ᠠᠵᠤ ᠠᠬᠤᠶᠢᠯᠠᠯ ᠳᠤ ᠲᠦᠰᠢᠭᠯᠡᠨ᠂ ︽ᠵᠠᠬ᠎ᠠ ᠳᠡᠯᠭᠡᠭᠦᠷ+ ᠳᠠᠭᠠᠭᠤᠯᠤᠭᠴᠢ ᠠᠵᠤ ᠠᠬᠤᠶᠢᠯᠠᠯ ᠤᠨ+ ᠬᠤᠷᠰᠢᠶᠠᠵᠢᠯ+ ᠮᠠᠯᠵᠢᠬᠤ ᠲᠠᠷᠢᠶᠠᠯᠠᠬᠤ ᠡᠷᠦᠬᠡ︾ ᠶᠢᠨ ᠵᠠᠭᠪᠤᠷ ᠢ ᠬᠡᠷᠡᠭᠯᠡᠵᠦ᠂ ᠣᠳᠣ ᠦᠶ᠎ᠡ ᠶᠢᠨ ᠠᠯᠠᠰᠢᠨ ᠬᠤᠨᠢᠨ ᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠪᠣᠷᠳᠣᠵᠤ ᠲᠠᠷᠭᠤᠯᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ ᠢ 2 ᠠᠴᠠ ᠳᠡᠭᠡᠭᠰᠢ ᠣᠷᠣᠭᠤᠯᠤᠨ ᠠᠪᠴᠢᠷᠠᠵᠤ᠂ ᠬᠤᠩ ᠠᠨ᠂ ᠬᠤᠸᠠ ᠶᠠᠩ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠠᠯᠠᠰᠢᠨ ᠦᠬᠡᠷ ᠤᠨ ᠲᠤᠰᠬᠠᠢ ᠬᠤᠷᠰᠢᠶ᠎ᠠ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠳᠡᠮᠵᠢᠨ᠎ᠡ᠃ ᠨᠠᠷᠢᠯᠢᠭ ᠭᠦᠨᠵᠡᠭᠡᠢ ᠡᠳ᠋ᠰᠢᠭᠦᠯᠬᠦ ᠶᠢ ᠠᠬᠢᠭᠤᠯᠵᠤ᠂ ᠬᠤᠸᠠ ᠶᠠᠩ ᠦᠬᠡᠷ ᠤᠨ ᠦᠢᠯᠡᠰ ᠤᠨ ᠨᠢᠲᠤᠯᠬᠤ ᠬᠡᠮᠵᠢᠶ᠎ᠡ ᠶᠢ 2 ᠲᠦᠮᠡᠨ ᠳᠤᠯᠤᠭᠠᠢ ᠠᠴᠠ ᠳᠡᠭᠡᠭᠰᠢ ᠳᠤ ᠬᠦᠷᠦᠭᠦᠯᠵᠦ᠂ 100 ᠲᠦᠮᠡᠨ ᠠᠯᠠᠰᠢᠨ ᠬᠤᠨᠢ ᠶᠢ ᠨᠢᠲᠤᠯᠵᠤ ᠡᠳ᠋ᠰᠢᠭᠦᠯᠬᠦ ᠲᠥᠷᠥᠯ ᠵᠦᠢᠯ ᠢ ᠠᠵᠢᠯ ᠡᠬᠢᠯᠡᠭᠦᠯᠵᠦ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠵᠦ᠂ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠤᠨ ᠦᠷ᠎ᠡ ᠠᠰᠢᠭ ᠢ ᠪᠠᠳᠠᠷᠠᠭᠤᠯᠤᠨ᠂ ᠬᠤᠶᠠᠳᠤᠭᠠᠷ ᠬᠤᠭᠤᠴᠠᠭᠠᠨ ᠤ ᠦᠬᠡᠷ ᠤᠨ ᠠᠷᠠᠯᠵᠢᠶᠠᠨ ᠤ ᠶᠡᠭᠡ ᠬᠤᠷᠠᠯ ᠢ ᠰᠠᠶᠢᠲᠤᠷ ᠡᠷᠬᠢᠯᠡᠵᠦ᠂ ᠠᠷᠠᠯᠵᠢᠶᠠᠨ ᠤ ᠬᠡᠮᠵᠢᠶ᠎ᠡ ᠶᠢ 100 ᠲᠦᠮᠡᠨ ᠲᠣᠯᠣᠭᠠᠢ ᠶᠢ ᠳᠠᠪᠠᠭᠤᠯᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ︽ᠨᠢᠭᠡ ᠬᠦᠷᠢᠶᠡᠯᠡᠩ ᠭᠤᠷᠪᠠᠨ ᠲᠥᠪ︾᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠰᠢᠨ᠎ᠡ ᠶᠢ ᠡᠭᠦᠳᠬᠦ ᠲᠥᠪ ᠲᠤ ᠲᠦᠰᠢᠭᠯᠡᠨ ᠂ ᠣᠶᠤᠨᠴᠢ ᠮᠠᠯ ᠠᠵᠤ ᠠᠬᠤᠢ ᠶᠢᠨ ᠲᠠᠪᠴᠠᠩ ᠢ ᠪᠠᠶᠢᠭᠤᠯᠵᠤ᠂ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠭᠪᠤᠷ ᠢ ᠪᠤᠢ ᠪᠣᠯᠭᠠᠨ᠎ᠠ᠃      ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠬᠢᠭᠤᠯᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠᠶᠢᠩᠭᠤᠵᠢᠭᠰᠠᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠠᠵᠤ ᠦᠢᠯᠡᠰ ᠢᠶᠠᠷ ᠳᠠᠶᠢᠴᠢᠯᠠᠬᠤ᠂ ᠠᠵᠢᠯ ᠬᠢᠵᠦ ᠠᠵᠢᠯ ᠣᠯᠭᠤᠬᠤ ᠵᠡᠷᠭᠡ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠨ᠎ᠡ᠃ ︽ᠮᠢᠩᠭᠠᠨ ᠰᠢᠶᠠᠩ ᠲᠦᠮᠡᠨ ᠲᠣᠰᠬᠤᠨ ᠤ ᠡᠨᠧᠷᠭᠢ ᠶᠢᠨ ᠬᠤᠪᠢᠰᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠠᠬᠢᠭᠤᠯᠬᠤ ᠠᠵᠢᠯᠯᠠᠭ᠎ᠠ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ 3.1 ᠳ᠋ᠦᠩᠰᠢᠭᠤᠷ ᠲᠥᠭᠦᠷᠢᠭ ᠤᠨ ᠵᠤᠯᠭᠠᠭᠤᠯᠳᠠ ᠶᠢᠨ ᠪᠡᠯᠡ ᠮᠥᠩᠭᠦ ᠪᠠᠷ 95 ᠳᠦᠷᠦᠯ ᠵᠦᠢᠯ ᠢ ᠭᠡᠷᠡᠭᠵᠢᠬᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠠᠬᠢᠭᠤᠯᠵᠤ᠂ 9000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ ᠲᠥᠷᠥᠯ ᠵᠦᠢᠯ ᠢ 25 ᠭᠡᠷᠡᠭᠵᠢᠬᠦᠯᠦᠨ᠎ᠡ᠃ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠬᠡᠴᠡ ᠪᠣᠯᠤᠨ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠲᠠᠢ ᠢᠳᠡᠪᠬᠢᠲᠡᠢ ᠵᠣᠯᠭᠠᠭᠤᠯᠵᠤ᠂ ᠨᠡᠩ ᠣᠯᠠᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠥᠬᠦᠪᠥᠷᠢ ᠶᠢᠨ ᠪᠡᠯᠡ ᠮᠥᠩᠭᠦ ᠶᠢ ᠲᠠᠷᠬᠠᠭᠠᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ︽ᠭᠤᠷᠪᠠᠨ ᠪᠡᠯᠡ︾ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号