︵ᠭᠤᠷᠪᠠ︶ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠶᠢ ᠪᠠᠷᠢᠮᠲᠠᠯᠠᠵᠤ᠂ ᠠᠵᠤ | ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠤᠲᠠ ᠶᠢ ᠪᠦᠲᠦᠭᠡᠨ ᠪᠠᠶᠢᠭᠤᠯᠤᠨ᠎ᠠ᠃ | ᠮᠢᠩᠭᠠᠨ ᠲᠦᠮᠡᠨ ᠺᠢᠯᠣᠸᠠᠲ ᠤᠨ ᠳᠡᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ 371 ᠲᠦᠮᠡᠨ ᠺᠢᠯᠣᠸᠠᠲ | ᠬᠡᠷᠡᠭᠵᠢᠭᠦᠯᠵᠦ᠂ ᠴᠡᠪᠡᠷ ᠡᠨᠧᠷᠭᠢ ᠶᠢᠨ ᠶᠡᠷᠦᠩᠬᠡᠢ ᠬᠡᠪᠴᠢᠶ᠎ᠡ ᠶᠢ 900 ᠲᠦᠮᠡᠨ ᠺᠢᠯᠣᠸᠠᠲ ᠲᠤ ᠬᠦᠷᠦᠭᠦᠯᠦᠨ᠎ᠡ᠃ | ᠪᠠᠲᠤᠯᠠᠭ᠎ᠠ ᠶᠢᠨ ᠴᠢᠨᠠᠷᠲᠠᠢ ᠲᠣᠣᠷ ᠨᠡᠶᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠮᠧᠩ ᠨᠧᠩ ᠵᠠᠭᠤᠨ ᠲᠦᠮᠡᠨ | ᠺᠢᠯᠣᠸᠠᠲ ᠤᠨ ᠰᠠᠭᠤᠷᠢᠨ ᠭᠠᠵᠠᠷ ᠤᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠬᠤ ᠶᠢ | ᠦᠨᠡᠨᠬᠦ ᠪᠠᠲᠤᠯᠠᠵᠤ᠂ ᠵᠦᠩ ᠭᠤᠸᠠᠩ ᠾᠧ 70 ᠲᠦᠮᠡᠨ ᠺᠢᠯᠣᠸᠠᠲ᠂ ᠾᠧᠩ ᠵᠢᠢ ᠸᠧᠢ ᠶᠧ 60 ᠲᠦᠮᠡᠨ | ᠺᠢᠯᠣᠸᠠᠲ ᠤᠨ ︽ᠭᠡᠷᠡᠯ ᠤᠨ ᠢᠯᠴᠢ ᠪᠠ ᠰᠠᠯᠬᠢᠨ ᠬᠦᠴᠦᠨ ᠤ ᠭᠡᠷᠡᠯ ᠴᠡᠨᠡᠭ︾ ᠢ ᠨᠢᠭᠡ ᠴᠣᠭᠴᠠᠵᠢᠭᠤᠯᠬᠤ ᠲᠥᠷᠥᠯ | ᠵᠦᠢᠯ ᠢ ᠰᠦᠪᠡᠭᠴᠢᠯᠡᠨ ᠠᠬᠢᠭᠤᠯᠤᠨ᠎ᠠ᠃ ︽ᠪᠤᠬᠢᠷᠳᠤᠯ ᠦᠬᠡᠢ ᠴᠠᠬᠢᠯᠭᠠᠨ︾ ᠢ ᠪᠠᠭᠲᠠᠭᠠᠨ ᠠᠰᠢᠭᠯᠠᠬᠤ ᠶᠢ | ᠴᠢᠩᠭᠠᠳᠬᠠᠵᠤ᠂ ᠬᠤᠣᠯᠢᠩᠭᠤᠣᠯ ᠬᠤᠲᠠ ᠯᠤᠭ᠎ᠠ ᠬᠤᠷᠰᠢᠨ ᠬᠡᠷᠡᠭᠵᠢᠭᠦᠯᠦᠭᠰᠡᠨ 128 ᠲᠦᠮᠡᠨ ᠺᠢᠯᠣᠸᠠᠲ ᠤᠨ | ᠪᠣᠬᠢᠷᠲᠤᠯ ᠦᠭᠡᠢ ᠴᠠᠬᠢᠯᠭᠠᠨ ᠤ ᠲᠥᠷᠥᠯ ᠵᠦᠢᠯ᠂ 186 ᠲᠦᠮᠡᠨ ᠺᠢᠯᠣᠸᠠᠲ ᠤᠨ ᠥᠷᠭᠡᠳᠬᠡᠨ ᠪᠠᠶᠢᠭᠤᠯᠬᠤ | ᠲᠥᠷᠥᠯ ᠵᠦᠢᠯ ᠢ ᠲᠥᠯᠥᠪᠯᠡᠨ ᠠᠬᠢᠭᠤᠯᠵᠤ᠂ ᠤᠯᠤᠰ ᠤᠨ ᠴᠠᠬᠢᠯᠭᠠᠨ ᠬᠦᠴᠦᠨ ᠤ 30 ᠲᠦᠮᠡᠨ ᠺᠢᠯᠣᠸᠠᠲ ᠤᠨ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ᠂ ᠵᠢᠩ ᠺᠧ ᠴᠠᠬᠢᠯᠭᠠᠨ ᠤ ᠦᠢᠯᠡᠳᠪᠦᠷᠢ ᠶᠢᠨ | 1.59 ᠲᠦᠮᠡᠨ ᠺᠢᠯᠣᠸᠠᠲ ᠤᠨ ᠥᠪᠡᠷ ᠢᠶᠠᠨ ᠴᠠᠬᠢᠯᠭᠠᠨ ᠬᠠᠩᠭᠠᠬᠤ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠪᠠ᠃ ᠰᠢᠨ᠎ᠡ ᠡᠨᠧᠷᠭᠢ ᠶᠢᠨ ᠡᠯᠡᠰᠦ ᠶᠢ ᠵᠠᠰᠠᠬᠤ ᠶᠢ ᠲᠦᠷᠭᠡᠳᠬᠡᠵᠦ᠂ ᠵᠦᠩ ᠭᠤᠸᠠᠩ ᠾᠧ | ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ | ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ 50 ᠲᠦᠮᠡᠨ ᠺᠢᠯᠣᠸᠠᠲ ᠤᠨ ᠲᠥᠷᠥᠯ ᠵᠦᠢᠯ ᠢ ᠪᠠᠶᠢᠭᠤᠯᠵᠤ᠂ | ᠬᠤᠶᠠᠳᠤᠭᠠᠷ ᠬᠤᠭᠤᠴᠠᠭᠠᠨ ᠤ 60 ᠲᠦᠮᠡᠨ ᠺᠢᠯᠣᠸᠠᠲ ᠤᠨ ᠲᠥᠷᠥᠯ ᠵᠦᠢᠯ ᠢ ᠠᠵᠢᠯ ᠡᠬᠢᠯᠡᠭᠦᠯᠦᠨ᠎ᠡ᠃ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠲᠣᠰᠬᠤᠨ ᠤ ᠱᠠᠲᠤᠨ ᠤ | 2.15 ᠲᠦᠮᠡᠨ ᠺᠢᠯᠣᠸᠠᠲ ᠤᠨ ᠲᠣᠰᠬᠤᠨ ᠤ ᠱᠠᠲᠤᠨ ᠤ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢ ᠪᠠᠶᠢᠭᠤᠯᠵᠤ᠂ | 5 ᠲᠦᠮᠡᠨ ᠺᠢᠯᠣᠸᠠᠲ ᠤᠨ ︽ᠮᠢᠩᠭᠠᠨ ᠰᠢᠶᠠᠩ ᠲᠦᠮᠡᠨ ᠲᠣᠰᠬᠤᠨ ᠤ ᠰᠢᠭᠤᠷᠭ᠎ᠠ ᠶᠢᠨ ᠠᠵᠢᠯᠯᠠᠭ᠎ᠠ︾ ᠶᠢᠨ | ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠴᠠᠬᠢᠯᠭᠠᠨ ᠬᠦᠴᠦᠨ ᠢ ᠭᠠᠳᠠᠭᠰᠢ | ᠬᠦᠷᠭᠡᠬᠦ ᠴᠢᠳᠠᠪᠤᠷᠢ ᠶᠢ ᠴᠢᠩᠭᠠᠳᠬᠠᠵᠤ᠂ ᠬᠤᠤᠯᠢᠩᠭᠤᠤᠯ - ᠫᠢᠩ ᠴᠤᠸᠠᠨ ᠬᠦᠷᠬᠦ 500 ᠺᠢᠯᠣᠸᠠᠲ ᠤᠨ | ᠴᠠᠬᠢᠯᠭᠠᠨ ᠬᠦᠷᠭᠡᠬᠦ ᠱᠤᠭᠤᠮ᠂ ᠳᠤᠬᠤᠮ 500 ᠺᠢᠯᠤᠸᠤᠯᠲ ᠤᠨ ᠰᠢᠨ᠎ᠡ ᠡᠨᠧᠷᠭᠢ ᠶᠢ ᠲᠥᠪᠯᠡᠷᠡᠭᠦᠯᠦᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠮᠧᠩ ᠨᠧᠩ᠂ ᠵᠦᠩ ᠭᠤᠸᠠᠩ ᠾᠧ ᠵᠡᠷᠭᠡ 220 | ᠺᠢᠯᠤᠸᠤᠯᠲ ᠤᠨ 9 ᠱᠤᠭᠤᠮ ᠤᠨ ᠢᠨᠵᠧᠨᠧᠷᠢᠩ ᠢ ᠪᠠᠶᠢᠭᠤᠯᠤᠨ᠎ᠠ᠃ ᠹᠠᠨ ᠶᠠ ᠸᠧᠢ ᠳ᠋ᠧ ᠲᠤᠰᠠᠭᠠᠷ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠢ ᠳᠡᠮᠡᠴᠡᠨ ᠤᠯᠵᠤ ᠭᠡᠷᠡᠭᠵᠢᠬᠦᠯᠦᠨ᠎ᠡ᠃ | ᠬᠦᠷᠢᠶᠡᠯᠡᠩ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠴᠢᠷᠮᠠᠶᠢᠨ | ᠪᠠᠶᠢᠭᠤᠯᠵᠤ᠂ ᠶᠡᠷᠦᠩᠬᠡᠶᠢᠯᠡᠭᠰᠡᠨ ᠬᠤᠭᠤᠯᠠᠢ ᠲᠣᠣᠷ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠨ᠎ᠡ᠃ ᠠᠮᠢ ᠠᠬᠤᠢ ᠶᠢᠨ ᠡᠬᠢ ᠪᠠᠶᠠᠯᠢᠭ ᠤᠨ ᠬᠡᠯᠪᠡᠷᠢ ᠶᠢᠨ ᠣᠷᠴᠢᠯ ᠠᠵᠤ ᠦᠢᠯᠡᠰ ᠤᠨ ᠰᠢᠰᠲ᠋ᠧᠮ ᠢ | ᠪᠠᠶᠢᠭᠤᠯᠵᠤ᠂ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠬᠡᠪᠴᠢᠶ᠎ᠡ ᠲᠠᠢ ᠰᠢᠶᠠᠩ ᠽᠢ ᠬᠠᠭᠤᠷᠠᠢ | ᠨᠤᠨᠲᠠᠭ ᠤᠨ ᠤᠷᠭᠤᠮᠠᠯ ᠤᠨ ᠡᠳ᠋ ᠤᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠰᠢᠨ᠎ᠡ ᠬᠡᠯᠪᠡᠷᠢ ᠶᠢᠨ ᠳ᠋ᠦ᠋ ᠵᠦᠩ | ᠠᠮᠢ ᠠᠬᠤᠢ ᠶᠢᠨ ᠲᠠᠷᠢᠮᠠᠯ ᠵᠢᠴᠢ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠨᠠᠷᠢᠯᠢᠭ ᠡᠳ᠋ᠰᠢᠭᠦᠯᠬᠦ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠰᠦᠪᠡᠭᠴᠢᠯᠡᠨ᠎ᠡ᠃ ︽ᠪᠤᠬᠢᠷᠳᠤᠯ ᠦᠬᠡᠢ ᠴᠠᠬᠢᠯᠭᠠᠨ — | ᠪᠤᠬᠢᠷᠳᠤᠯ ᠦᠬᠡᠢ ᠤᠰᠤᠲᠥ᠋ᠷᠥᠭᠴᠢ — ᠪᠤᠬᠢᠷᠳᠤᠯ ᠦᠬᠡᠢ ᠮᠧᠲ᠋ᠢᠯ ᠠᠯᠺᠣᠣᠯ︾ ᠤᠨ ᠠᠵᠤ ᠦᠢᠯᠡᠰ ᠤᠨ | ᠬᠡᠯᠬᠢᠶ᠎ᠡ ᠶᠢ ᠪᠣᠢ ᠪᠣᠯᠭᠠᠵᠤ᠂ ᠤᠯᠤᠰ ᠤᠨ ᠴᠠᠬᠢᠯᠭᠠᠨ ᠬᠦᠴᠦᠨ ᠤ 100 ᠲᠦᠮᠡᠨ ᠺᠢᠯᠣᠸᠠᠲ ᠤᠨ ᠰᠠᠯᠬᠢᠨ | ᠬᠦᠴᠦᠨ ᠭᠡᠷᠡᠯ ᠴᠡᠨᠡᠭ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ᠂ 20 ᠲᠦᠮᠡᠨ ᠲᠣᠨ ᠪᠣᠬᠢᠷᠲᠤᠯ | ᠦᠭᠡᠢ ᠮᠧᠲ᠋ᠢᠯ ᠠᠯᠺᠣᠣᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ | ︽ᠤᠰᠤᠲᠥ᠋ᠷᠥᠭᠴᠢ ᠦᠢᠯᠡᠳᠬᠦ︾ ︽ᠪᠤᠬᠢᠷᠳᠤᠯ ᠦᠬᠡᠢ ᠮᠧᠲ᠋ᠢᠯ ᠠᠯᠺᠣᠣᠯ︾ ᠤᠨ ᠬᠦᠷᠢᠶᠡᠨ ᠳᠠᠬᠢ ︽ᠦᠬᠡᠢ | ᠪᠠᠶᠢᠬᠤ︾ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠰᠠᠶᠢᠲᠤᠷ ᠠᠳᠬᠤᠨ᠎ᠠ᠃ ᠬᠤᠶᠠᠷ ᠶᠡᠭᠡ | ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠦᠯᠡᠳᠡᠪᠦᠷᠢ ᠡᠨᠧᠷᠭᠢ ᠬᠡᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠶᠢᠨ ᠲᠣᠭᠤᠷᠢᠨ ᠳᠤ᠂ ᠵᠢᠩ ᠺᠧ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ | ᠠᠰᠢᠭᠯᠠᠬᠤ᠂ ᠴᠦᠨ ᠬᠤᠸᠠ ᠵᠤᠭᠠᠩ ᠤᠨ ᠨᠤᠨᠲᠠᠭ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ᠂ | ᠬᠤᠳᠠᠯᠳᠤᠭᠠᠴᠢᠨ ᠤᠷᠢᠵᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ | ᠵᠡᠷᠭᠡ ᠳᠣᠣᠷᠠᠳᠤ ᠤᠷᠤᠰᠬᠠᠯ ᠤᠨ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠨᠡᠭᠦᠷᠡᠰᠦᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢᠨ ᠲᠣᠭᠤᠷᠢᠨ ᠳᠤ᠂ ᠾᠧ ᠶᠤᠸᠠᠨ ᠱᠧᠩ ᠵᠢᠯ ᠤᠨ | 10 ᠲᠦᠮᠡᠨ ᠲᠣᠨ ᠢᠯᠵᠢᠮᠡᠭ ᠬᠦᠴᠢᠯᠯᠢᠭ ᠪᠣᠷᠳᠣᠭᠤᠷ ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ | ᠴᠢᠷᠮᠠᠶᠢᠨ᠎ᠠ᠃ ᠠᠭᠤᠷᠬᠠᠢ ᠳᠤ ᠬᠤᠯᠪᠣᠭᠳᠠᠭᠰᠠᠨ᠂ ᠬᠥᠷᠥᠰᠥ ᠰᠢᠷᠣᠢ ᠳᠤ ᠬᠤᠯᠪᠣᠭᠳᠠᠭᠰᠠᠨ ᠵᠡᠷᠭᠡ ᠡᠬᠢ ᠪᠠᠶᠠᠯᠢᠭ ᠢ | ᠬᠤᠪᠢᠷᠠᠭᠤᠯᠬᠤ ᠶᠢᠨ ᠲᠣᠭᠤᠷᠢᠨ ᠳᠤ᠂ ᠰᠢᠩ ᠲᠦᠩ᠂ ᠶᠢᠨ ᠬᠤᠩ᠂ ᠳᠤᠮᠳᠠᠳᠤ ᠤᠯᠤᠰ ᠤᠨ ᠠᠭᠤᠷᠬᠠᠢ ᠶᠢᠨ | ᠪᠦᠯᠦᠭᠯᠡᠯ ᠤᠨ ᠠᠭᠤᠷᠬᠠᠢ ᠶᠢᠨ ᠴᠢᠳᠠᠮᠵᠢ ᠶᠢ ᠥᠷᠭᠡᠳᠬᠡᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠲᠠᠢ ᠮᠧᠩ | ᠠᠭᠤᠷᠬᠠᠢ ᠶᠢᠨ ᠦᠢᠯᠡᠰ ᠤᠨ ᠦᠢᠯᠡᠳᠪᠦᠷᠢᠯᠡᠯ ᠢ ᠰᠡᠷᠭᠦᠭᠡᠨ ᠠᠰᠢᠭᠯᠠᠯᠲᠠ ᠳᠤ ᠣᠷᠣᠭᠤᠯᠵᠤ᠂ ᠦᠨᠳᠦᠰᠦᠲᠡᠨ ᠤ | ᠲᠣᠭᠠᠨ ᠤ ᠰᠠᠯᠠᠭ᠎ᠠ ᠵᠢᠯ ᠳᠤ 150 ᠲᠦᠮᠡᠨ ᠲᠣᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢ ᠮᠠᠯᠲᠠᠨ | ᠰᠣᠩᠭᠤᠬᠤ ᠲᠥᠷᠥᠯ ᠵᠦᠢᠯ ᠢ ᠪᠣᠳᠠᠲᠠᠶᠢᠵᠢᠭᠤᠯᠤᠨ ᠪᠠᠶᠢᠭᠤᠯᠤᠨ᠎ᠠ᠃ | ︵ᠳᠥᠷᠪᠡ︶ ᠳᠣᠲᠣᠭᠠᠳᠤ ᠭᠠᠳᠠᠭᠠᠳᠤ ᠶᠢ ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠤ᠂ ᠭᠤᠷᠪᠠᠳᠤᠭᠠᠷ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ | ᠳᠡᠰ ᠳᠡᠪᠰᠢᠭᠦᠯᠬᠦ ᠶᠢ ᠲᠦᠷᠭᠡᠳᠬᠡᠨ᠎ᠡ᠃ ︽ᠵᠢᠷᠭᠤᠭᠠᠨ ᠬᠦᠴᠦᠨ ᠵᠦᠢᠯ︾ ᠤᠨ ᠲᠣᠭᠤᠷᠢᠨ ᠳᠤ᠂ | ᠵᠢᠭᠤᠯᠴᠢᠯᠠᠯ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠩᠭᠠᠯ ᠨᠠᠭᠤᠷ | — ᠪᠠᠲᠤᠴᠠᠭᠠᠨ ᠤ ᠵᠢᠭᠤᠯᠴᠢᠯᠠᠯ ᠤᠨ ᠣᠷᠣᠨ ᠤ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ᠂ ᠬᠠᠩᠭᠠᠯ ᠨᠠᠭᠤᠷ ᠤᠨ ᠠᠮᠠᠷᠠᠯᠲᠠ ᠶᠢᠨ ᠪᠠᠭᠤᠳᠠᠯ ᠤᠨ ᠲᠥᠷᠥᠯ ᠵᠦᠢᠯ ᠢ ᠠᠵᠢᠯ ᠡᠬᠢᠯᠡᠬᠦᠯᠦᠨ᠎ᠡ᠃ | ᠰᠣᠶᠣᠯ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠬᠤᠸᠠ ᠴᠢᠶᠣᠣ ᠴᠧᠩ᠂ ᠳᠤᠮᠳᠠᠳᠤ | ᠤᠯᠤᠰ ᠤᠨ ᠺᠢᠨᠣ᠋ ᠦᠢᠯᠡᠳᠬᠦ᠂ ᠨᠡᠶᠢᠰᠯᠡᠯ ᠤᠨ ᠵᠢᠭᠤᠯᠴᠢᠯᠠᠯ ᠤᠨ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠧᠶ᠂ ᠵᠡᠭᠦᠨ ᠭᠤᠷᠪᠠᠨ ᠮᠤᠵᠢ ᠵᠡᠷᠭᠡ ᠭᠤᠣᠯᠳᠠᠯᠭ᠎ᠠ ᠲᠠᠢ | ᠵᠤᠭᠠᠴᠠᠭᠰᠠᠳ ᠤᠨ ᠢᠷᠡᠯᠲᠡ ᠶᠢ ᠪᠤᠶᠢᠵᠢᠭᠤᠯᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠨ | ᠲᠣᠭᠤᠷᠢᠬᠤ ᠵᠤᠭ᠎ᠠ ᠴᠡᠩᠭᠡᠯ᠂ ᠬᠤᠳᠠᠯᠳᠤᠭᠠᠴᠢᠨ ᠤᠷᠢᠵᠤ ᠰᠤᠷᠤᠯᠴᠠᠬᠤ ᠶᠢᠨ ᠵᠤᠭ᠎ᠠ ᠴᠡᠩᠭᠡᠯ᠂ ᠬᠤᠳᠠᠯᠳᠤᠭᠠᠴᠢᠨ | ᠤᠷᠢᠵᠤ ᠰᠤᠷᠤᠯᠴᠠᠭᠤᠯᠬᠤ ᠵᠤᠭ᠎ᠠ ᠴᠡᠩᠭᠡᠯ︾ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ | ᠪᠠ IP ᠶᠢᠨ ᠳᠦᠷᠢ ᠲᠥᠷᠬᠦ ᠶᠢ ᠪᠠᠶᠠᠯᠢᠭᠵᠢᠭᠤᠯᠵᠤ᠂ ᠮᠣᠩᠭᠤᠯ ᠦᠨᠳᠦᠰᠦᠲᠡᠨ ᠤ ᠬᠠᠳᠬᠤᠮᠠᠯ ᠵᠡᠷᠭᠡ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠤᠨ᠂ ᠵᠤᠭᠠᠴᠠᠭᠰᠠᠳ ᠤᠨ | ᠲᠤᠭ᠎ᠠ ᠪᠠ ᠣᠷᠣᠰᠢᠨ ᠰᠠᠭᠤᠬᠤ ᠴᠠᠭ ᠤᠨ ︽ᠬᠤᠶᠠᠷ ᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ ᠵᠢᠭᠤᠯᠴᠢᠯᠠᠯ ᠤᠨ | ᠳᠥᠷᠪᠡᠨ ᠤᠯᠠᠷᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠳᠠᠭᠤᠯᠠᠯᠲᠦ ᠥᠪᠥᠷ ᠮᠣᠩᠭᠤᠯ ᠪᠠᠲᠤᠴᠠᠭᠠᠨ ᠤ | ᠰᠡᠳᠬᠢᠯᠭᠡ ᠲᠠᠯ᠎ᠠ ᠨᠤᠲᠤᠭ ᠠᠴᠠ ᠢᠷᠡᠭᠰᠡᠨ︾ ᠨᠠᠮᠤᠷ ᠤᠨ ᠤᠯᠠᠷᠢᠯ ᠤᠨ ᠣᠨᠴᠠᠯᠢᠭᠲᠤ ᠠᠵᠢᠯᠯᠠᠭ᠎ᠠ᠂ | ᠪᠠᠲᠤᠴᠠᠭᠠᠨ ᠤ ᠰᠣᠶᠣᠯ ᠵᠢᠭᠤᠯᠴᠢᠯᠠᠯ ᠤᠷᠠᠯᠢᠭ ᠤᠨ ᠤᠯᠠᠷᠢᠯ ᠵᠡᠷᠭᠡ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ | ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠥᠷᠨᠢᠭᠦᠯᠵᠦ᠂ ︽ᠤᠶᠠᠩᠭᠠᠲᠤ ᠳᠠᠭᠤᠣ ᠶᠢᠨ ᠳᠠᠮᠵᠢᠭᠤᠯᠭ᠎ᠠ︾ | ᠶᠢᠨ ᠦᠯᠢᠭᠡᠷ ᠨᠠᠭᠠᠳᠤᠮ ᠤᠨ ᠰᠢᠷᠢᠰ ᠠᠵᠢᠯᠯᠠᠭ᠎ᠠ ᠶᠢ ᠡᠷᠬᠢᠯᠡᠵᠦ᠂ ︽ᠲᠠᠪᠤᠨ ᠨᠢᠭᠡ︾ ᠶᠢᠨ ᠢᠨᠵᠧᠨᠧᠷᠢᠩ ᠤᠨ | ᠱᠠᠩᠨᠠᠯ ᠢ 1 ᠠᠴᠠ ᠳᠡᠭᠡᠭᠰᠢ ᠡᠭᠦᠳᠬᠦ ᠪᠠᠷ ᠴᠢᠷᠮᠠᠶᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ | ᠠᠰᠢᠭᠯᠠᠬᠤ ᠶᠢ ᠴᠢᠩᠭᠠᠳᠬᠠᠵᠤ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠡᠭᠡᠷ᠎ᠡ ᠲᠠᠯ᠎ᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ ᠶᠢ | ᠰᠠᠶᠢᠲᠤᠷ ᠬᠢᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠠᠬᠢᠭᠤᠯᠵᠤ᠂ ︽ᠳᠥᠷᠪᠡᠨ | ᠤᠯᠠᠷᠢᠯ ᠤᠨ ᠲᠣᠰᠬᠤᠨ ᠤ ᠦᠳᠡᠰᠢᠯᠡᠭᠡ︾᠂ ︽ᠬᠠᠪᠤᠷ ᠤᠨ ᠪᠣᠷᠣᠭᠠᠨ ᠤ ᠢᠨᠵᠧᠨᠧᠷᠢᠩ︾ ᠵᠡᠷᠭᠡ ᠣᠨᠴᠠᠯᠢᠭᠲᠤ | ᠲᠦᠷᠦᠯ ᠲᠡᠮᠳᠡᠭ ᠤᠨ ᠠᠵᠢᠯᠯᠠᠭ᠎ᠠ ᠶᠢ ᠰᠠᠶᠢᠲᠤᠷ ᠬᠢᠵᠦ᠂ ᠰᠣᠶᠣᠯ ᠠᠵᠤ ᠦᠢᠯᠡᠰ ᠤᠨ ᠬᠦᠷᠢᠶᠡᠯᠡᠩ ᠤᠨ ᠵᠢᠱᠢᠶ᠎ᠡ | ᠦᠵᠡᠭᠦᠯᠬᠦ ᠰᠠᠭᠤᠷᠢᠨ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠡᠭᠦᠳᠡ ᠪᠠᠨ ᠨᠡᠭᠡᠭᠡᠵᠦ | ᠡᠵᠡᠩᠨᠡᠬᠦ ᠶᠢ ᠠᠬᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠲᠥᠪ ᠤᠨ ᠲᠥᠷᠥᠯ ᠵᠦᠢᠯ ᠢ ᠡᠬᠢᠯᠡᠭᠦᠯᠬᠦ ᠪᠠᠷ | ᠴᠢᠷᠮᠠᠶᠢᠨ᠎ᠠ᠃ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠤᠷᠤᠯᠳᠤᠭᠠᠨ ᠤ | ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠷᠳᠤᠨ ᠮᠣᠷᠢ | ᠤᠷᠤᠯᠳᠤᠬᠤ᠂ ᠮᠣᠩᠭᠤᠯ ᠮᠣᠷᠢᠨ ᠤ ᠪᠠᠶᠢᠩᠭᠤ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠨ᠎ᠡ᠃ | ᠠᠷᠠᠯᠵᠢᠶ᠎ᠠ ᠬᠤᠳᠠᠯᠳᠤᠭᠠᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠪᠥᠬᠦ ᠬᠡᠷᠡᠭᠯᠡᠭᠡᠨ ᠤ ᠬᠦᠷᠢᠶ᠎ᠡ | ᠴᠠᠷᠠᠭ᠎ᠠ ᠶᠢᠨ ᠲᠣᠭᠤᠷᠢᠨ ᠳᠤ᠂ ᠪᠠᠶᠠᠷ ᠳᠤᠷᠠᠰᠬᠠᠯ ᠤᠨ ᠡᠳᠦᠷ᠂ ᠰᠥᠨᠢ ᠶᠢᠨ ᠵᠠᠬ᠎ᠠ ᠳᠡᠯᠭᠡᠭᠦᠷ᠂ ᠵᠠᠳᠠᠭᠠᠢ ᠳᠡᠯᠭᠡᠭᠡ | ᠮᠠᠶᠢᠮᠠᠢ᠂ ᠨᠤᠲᠤᠭ ᠤᠨ ᠣᠨᠴᠠ ᠭᠠᠷᠤᠯᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠷᠣᠯᠠᠭᠤᠯᠭ᠎ᠠ ᠶᠢ ᠠᠬᠢᠭᠤᠯᠬᠤ ᠭᠤᠣᠯ | ᠰᠡᠳᠦᠪᠲᠦ ᠠᠵᠢᠯᠯᠠᠭ᠎ᠠ ᠶᠢ 50 ᠲᠠᠯᠠᠪᠤᠷ ᠠᠴᠠ ᠳᠡᠭᠡᠭᠰᠢ ᠥᠷᠨᠢᠭᠦᠯᠵᠦ᠂ 3 ᠵᠠᠳᠠᠭᠠᠢ ᠵᠠᠬ᠎ᠠ ᠶᠢᠨ ᠵᠠᠬ᠎ᠠ ᠳᠡᠯᠭᠡᠭᠦᠷ ᠢ | ᠰᠢᠨ᠎ᠡ ᠪᠠᠷ ᠨᠡᠮᠡᠭᠳᠡᠬᠦᠯᠦᠨ᠎ᠡ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠤᠨᠤᠵᠤ ᠢᠳᠡᠵᠤ᠂ ᠰᠣᠶᠣᠯ | ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡᠨ ᠤ ᠳᠠᠯᠳᠠ ᠴᠢᠳᠠᠪᠤᠷᠢ ᠶᠢ ᠪᠠᠳᠠᠷᠠᠭᠤᠯᠵᠤ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 11 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ | ᠦᠷᠭᠦᠯᠵᠢᠯᠡᠨ ᠨᠡᠮᠡᠭᠳᠡᠬᠦ ᠶᠢ ᠠᠬᠢᠭᠤᠯᠵᠤ᠂ ᠲᠤᠲᠤᠷᠭ᠎ᠠ᠂ ᠨᠠᠷᠢᠮᠤ᠂ ᠢᠳᠡᠰᠢᠨ ᠲᠣᠰᠣ᠂ ᠦᠬᠡᠷ ᠬᠤᠨᠢᠨ ᠮᠢᠬ᠎ᠠ | ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠵᠠᠮ ᠮᠥᠷ ᠢ | ᠥᠷᠭᠡᠳᠬᠡᠨ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ︽ | ᠭᠠᠳᠠᠭᠠᠳᠤ ᠶᠢᠨ ᠬᠥᠮᠥᠷᠭᠡ︾ ᠪᠠᠶᠢᠭᠤᠯᠬᠤ ᠶᠢ ᠳᠡᠮᠵᠢᠨ᠎ᠡ᠃ ᠭᠠᠳᠠᠭᠠᠳᠤ ᠪᠡᠯᠡ ᠶᠢ ᠲᠠᠲᠠᠬᠤ ᠡᠷᠴᠢᠮ ᠢᠶᠠᠨ | ᠴᠢᠩᠭᠠᠷᠠᠭᠤᠯᠵᠤ᠂ ᠭᠠᠳᠠᠭᠠᠳᠤ ᠪᠡᠯᠡ ᠶᠢ ᠠᠰᠢᠭᠯᠠᠬᠤ ᠳᠤ ︽ᠦᠬᠡᠢ︾ ᠪᠠᠶᠢᠬᠤ ᠰᠢᠪᠲᠤᠯᠤᠯᠲᠠ ᠶᠢ ᠪᠡᠶᠡᠯᠡᠭᠦᠯᠬᠦ ᠪᠠᠷ | ᠴᠢᠷᠮᠠᠶᠢᠨ᠎ᠠ᠃ | ︵ᠲᠠᠪᠤ︶ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ | ᠠᠮᠢ ᠠᠬᠤᠢ ᠶᠢᠨ ᠵᠠᠰᠠᠯᠲᠠ ᠶᠢ ᠰᠠᠶᠢᠲᠤᠷ ᠠᠳᠬᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ᠂ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ 76 ᠲᠦᠮᠡᠨ ᠮᠦ | ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠶᠢᠨ ᠭᠠᠵᠠᠷ | ᠵᠦᠢ ᠶᠢᠨ ᠰᠠᠯᠪᠦᠷᠢ᠂ ᠵᠦᠩ ᠭᠤᠸᠠᠩ ᠾᠧ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠬᠤᠵᠢᠷᠯᠢᠭ ᠭᠠᠵᠠᠷ ᠢ ᠵᠠᠰᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠭᠪᠤᠷ ᠢ ᠪᠤᠢ ᠪᠣᠯᠭᠠᠨ᠎ᠠ᠃ | 8 ᠲᠦᠮᠡᠨ ᠮᠦ ︽ᠮᠠ ᠢ ᠣᠢ ᠰᠢᠭᠤᠢ︾ ᠶᠢᠨ ᠲᠠᠤᠯᠠᠢ ᠶᠢᠨ ᠪᠥᠭᠡᠷ᠎ᠡ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ | ᠵᠦᠢᠯ ᠢ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ | ᠠᠬᠢᠭᠤᠯᠵᠤ᠂ ᠢᠳᠡᠭᠳᠡᠭᠰᠡᠨ ᠭᠤᠤ ᠶᠢ 56 ᠵᠠᠰᠠᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠢ ᠶᠢ 1. | 5 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠬᠤᠣᠯᠢᠨ ᠭᠤᠣᠯ ᠢ ᠶᠡᠷᠦᠩᠬᠡᠶᠢᠯᠡᠨ ᠵᠠᠰᠠᠬᠤ᠂ ᠬᠠᠩᠭᠠᠯ ᠤᠰᠤᠨ | ᠴᠥᠭᠦᠷᠥᠮ ᠤᠨ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠᠷᠢᠯᠭ᠎ᠠ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠤᠨ᠎ᠠ᠃ ᠠᠶᠠᠨᠳᠠᠭᠠᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ | ᠬᠠᠶᠠᠭᠳᠠᠮᠠᠯ ᠠᠭᠤᠷᠬᠠᠢ ᠶᠢᠨ ᠨᠦᠬᠡ ᠶᠢ 2715 ᠮᠦ ᠵᠠᠰᠠᠨ ᠰᠡᠷᠭᠦᠭᠡᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠬᠥᠬᠡ ᠣᠭᠲᠠᠷᠭᠤᠢ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠥᠷᠨᠢᠭᠦᠯᠵᠦ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ | ᠰᠢᠲᠠᠭᠠᠬᠤ ᠶᠢ ᠵᠠᠰᠠᠬᠤ ᠠᠵᠢᠯ ᠢ ᠴᠢᠩᠭᠠᠳᠬᠠᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠢ | ᠰᠠᠨᠠᠭᠠᠴᠢᠯᠠᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ | ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠣᠢ ᠰᠢᠭᠤᠢ ᠡᠪᠡᠰᠦ ᠪᠡᠯᠴᠢᠭᠡᠷ ᠤᠨ | ᠨᠡᠭᠦᠷᠡᠰᠦᠲᠥ᠋ᠷᠥᠭᠴᠢ ᠶᠢᠨ ᠬᠥᠮᠥᠷᠭᠡ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠭᠦᠢᠴᠡᠳᠬᠡᠯ ᠲᠤᠭ᠎ᠠ ᠶᠢᠨ | ᠰᠣᠯᠢᠯᠴᠠᠭ᠎ᠠ ᠳᠤ ︽ᠦᠬᠡᠢ︾ ᠪᠠᠶᠢᠬᠤ ᠢ ᠰᠢᠪᠲᠤᠯᠬᠤ ᠪᠠᠷ ᠴᠢᠷᠮᠠᠶᠢᠨ᠎ᠠ᠃ ᠴᠡᠩᠭᠡᠭ ᠤᠰᠤ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠨ᠎ᠡ᠃ ︽ᠤᠰᠤ ᠠᠷᠪᠢᠯᠠᠬᠤ ᠠᠵᠢᠯᠯᠠᠭ᠎ᠠ︾ ᠶᠢ ᠥᠷᠨᠢᠭᠦᠯᠵᠦ᠂ ︽ᠤᠰᠤ ᠪᠠᠷ | ᠳᠦᠷᠪᠡ ᠶᠢ ᠳᠤᠭᠳᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠᠰᠠᠷ ᠢ ᠬᠢᠨᠠᠨ ᠬᠡᠮᠵᠢᠵᠦ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠂ ᠭᠤᠣᠯ ᠤᠨ ᠪᠠᠶᠢᠰᠢᠩ ᠤᠨ ᠤᠯᠤᠰ ᠤᠨ ᠡᠵᠡᠮᠳᠡᠯ ᠤᠨ ᠬᠢᠨᠠᠨ ᠰᠢᠯᠭᠠᠬᠤ ᠣᠭᠲᠣᠯᠤᠭᠠᠰᠤ ᠶᠢᠨ | ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠳᠤᠯᠠᠨ᠎ᠠ᠃ ᠪᠠᠶᠠᠨᠬᠤᠰᠢᠭᠤ ᠪᠠᠯᠭᠠᠰᠤᠨ ᠤ ᠤᠰᠤᠨ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠶᠢᠨ ᠲᠥᠷᠥᠯ ᠵᠦᠢᠯ ᠢ ᠪᠠᠶᠢᠭᠤᠯᠤᠨ᠎ᠠ᠃ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠥᠷᠥᠰᠥ ᠰᠢᠷᠣᠢ ᠶᠢᠨ ᠣᠷᠴᠢᠨ ᠲᠣᠭᠤᠷᠢᠨ ᠤ | ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠤᠬᠠᠢ ᠨᠠᠷᠢᠨ | ᠪᠠᠶᠢᠴᠠᠭᠠᠯᠲᠠ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠪᠣᠬᠢᠷᠲᠤᠯ ᠢ ᠵᠠᠰᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ | ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠳᠦᠷᠢᠮ ᠢ ᠲᠡᠭᠦᠯᠳᠡᠷᠵᠢᠭᠦᠯᠵᠦ᠂ ︽ᠬᠤᠶᠠᠷ ᠶᠡᠬᠡᠲᠡᠢ | ︾ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠡᠷᠡᠰ ᠬᠤᠷᠢᠭᠯᠠᠨ᠎ᠠ᠃ ︽ | ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ︽ᠣᠢ ᠰᠢᠭᠤᠢ ᠡᠪᠡᠰᠦ ᠪᠡᠯᠴᠢᠭᠡᠷ ᠤᠨ | ᠳᠠᠷᠤᠭ᠎ᠠ ᠶᠢᠨ ᠳᠦᠷᠢᠮ︾ ᠢ ᠪᠣᠳᠠᠲᠠᠶᠢᠵᠢᠭᠤᠯᠵᠤ᠂ ᠪᠦᠬᠦ ᠵᠢᠯ ᠤᠨ ᠪᠦᠬᠦ ᠣᠷᠣᠨ ᠪᠦᠰᠡ ᠶᠢᠨ ︽ᠳᠥᠷᠪᠡ ᠶᠢ | ᠴᠠᠭᠠᠵᠠᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ︽ | ᠦᠷ᠎ᠡ ᠪᠦᠲᠦᠮᠵᠢ ᠣᠯᠪᠠᠯ ᠰᠠᠶ᠋ᠢ ᠵᠣᠭᠤᠰ ᠣᠯᠭᠤᠬᠤ︾ ᠵᠡᠷᠭᠡ 18 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠤᠯᠠᠭᠠᠶᠢᠯᠠᠨ ᠮᠠᠯᠵᠢᠬᠤ᠂ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ | ᠣᠭᠲᠣᠯᠬᠤ᠂ ᠳᠤᠷ᠎ᠠ ᠪᠠᠷ ᠢᠶᠠᠨ ᠬᠦᠷᠢᠶᠡᠯᠡᠨ ᠡᠵᠡᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠰᠠᠶᠢᠨ ᠪᠠᠶᠢᠳᠠᠯ ᠢ ᠪᠠᠬᠢᠵᠢᠬᠦᠯᠦᠨ᠎ᠡ᠃ ︽ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠮᠥᠷᠡᠨ | ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ ᠶᠢ ᠢᠯᠭᠠᠷᠠᠭᠤᠯᠬᠤ︾ ᠠᠵᠢᠯ ᠢ ᠪᠠᠶᠢᠩᠭᠤᠵᠢᠭᠤᠯᠵᠤ᠂ | ᠵᠢᠷᠤᠮᠵᠢᠭᠤᠯᠤᠨ ᠠᠬᠢᠭᠤᠯᠤᠨ᠎ᠠ᠃ ᠦᠯᠡᠳᠡᠭᠳᠡᠯ ᠬᠦᠳᠡᠷ ᠤᠨ ᠬᠥᠮᠥᠷᠭᠡ ᠶᠢ ᠲᠥᠷᠥᠯ ᠬᠤᠪᠢᠶᠠᠨ ᠳᠡᠰ ᠬᠤᠪᠢᠶᠠᠨ | ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠵᠢᠷᠤᠭ ᠲᠣᠯᠪᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ | ᠬᠤᠯᠠᠭᠠᠶᠢᠯᠠᠨ ᠮᠠᠯᠲᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠥᠪ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ |