︵ᠵᠢᠷᠭᠤᠭ᠎ᠠ︶ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ | ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠰᠠᠭᠤᠷᠢ ᠶᠢ ᠪᠠᠲᠤᠳᠬᠠᠨ᠎ᠠ᠃ ᠰᠤᠷᠭᠠᠨ ᠬᠥᠮᠦᠵᠢᠯ ᠤᠨ | ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠭᠡᠷᠡᠬᠦᠯᠬᠦ︾ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠠᠰᠠᠷ ᠤᠨ ᠲᠥᠷᠥᠯ ᠵᠦᠢᠯ ᠢ ᠠᠵᠢᠯ ᠡᠬᠢᠯᠡᠬᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ᠬᠠᠮᠵᠢᠯᠴᠠᠭ᠎ᠠ ᠶᠢ | ᠭᠦᠨᠵᠡᠭᠡᠶᠢᠷᠡᠭᠦᠯᠦᠨ᠂ ︽ᠬᠦᠩᠭᠡᠨ ᠡᠪᠡᠳᠴᠢᠨ ᠢ ᠰᠢᠶᠠᠩ ᠠᠴᠠ ᠭᠠᠷᠭᠠᠬᠤ ᠦᠭᠡᠢ᠂ ᠬᠦᠨᠳᠦ ᠡᠪᠡᠳᠴᠢᠨ ᠢ | ᠬᠤᠰᠢᠭᠤᠨ ᠠᠴᠠ ᠭᠠᠷᠭᠠᠬᠤ ᠦᠭᠡᠢ︾ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ ᠬᠢᠲᠠᠳ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠠᠰᠠᠷ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠶᠡᠷᠦᠩᠬᠡᠶᠢᠯᠡᠭᠰᠡᠨ | ᠠᠰᠠᠷ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠮᠡᠬᠡᠯᠡᠨ ᠬᠢᠬᠠᠬᠤ ᠳᠠᠭᠠᠳᠬᠠᠯ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠢᠯ | ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ︾ ᠶᠢ ᠥᠷᠨᠢᠭᠦᠯᠵᠦ᠂ ᠬᠤᠲᠠ ᠪᠠᠯᠭᠠᠰᠤᠨ ᠤ 600 ᠬᠥᠮᠦᠨ ᠳᠤ ᠠᠵᠢᠯ ᠣᠯᠭᠤᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ 520 ᠬᠥᠮᠦᠨ ᠳᠤ ᠠᠵᠢᠯ ᠣᠯᠭᠤᠵᠤ᠂ 1.4 ᠲᠦᠮᠡᠨ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠬᠤ ᠶᠢ ᠪᠡᠶᠡᠯᠡᠬᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠵᠠᠭᠪᠤᠷ ᠢ ᠰᠢᠯᠢᠳᠡᠭᠵᠢᠭᠦᠯᠦᠨ᠂ | ᠭᠠᠴᠠᠭᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 60 ᠨᠡᠮᠡᠭᠳᠡᠭᠦᠯᠵᠦ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ᠂ ᠡᠷᠡᠭᠦᠯᠵᠢᠯ ᠰᠤᠪᠢᠯᠠᠯᠲᠠ ᠶᠢᠨ ᠥᠷᠲᠡᠭᠡ ᠶᠢ ᠲᠤᠰ ᠪᠦᠷᠢ 1 | ᠨᠡᠮᠡᠭᠳᠡᠭᠦᠯᠵᠦ᠂ 1 ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ | ᠬᠠᠮᠢᠶᠠᠷᠤᠯᠲᠠ ᠪᠠ ᠥᠭᠡᠷᠡᠴᠢᠯᠡᠯᠲᠡ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ | ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠤᠶᠢᠲᠦ ᠠᠭᠤᠯᠠᠨ ᠤ | ᠬᠥᠮᠦᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ | ᠬᠡᠷᠡᠭᠵᠢᠭᠦᠯᠦᠨ᠎ᠡ᠃ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠳᠡᠬᠦᠯᠳᠡᠷᠵᠢᠬᠦᠯᠦᠨ᠎ᠡ᠃ ᠳᠠᠶᠢᠴᠢᠨᠲᠠᠯ᠎ᠠ ᠶᠡᠭᠡ ᠬᠥᠭᠦᠷᠭᠡ | ᠶᠢ ᠪᠦᠬᠦ ᠱᠤᠭᠤᠮ ᠢᠶᠠᠷ ᠨᠡᠪᠳᠡᠷᠡᠬᠦᠯᠵᠤ᠂ ᠳᠠᠶᠢᠴᠢᠨᠲᠠᠯ᠎ᠠ ᠵᠠᠮ ᠤᠨ ᠢᠨᠵᠧᠨᠧᠷᠢᠩ ᠢ 1.4 ᠺᠢᠯᠤᠮᠧᠲᠷ | ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠢ 1.3 | ᠺᠢᠯᠤᠮᠧᠲᠷ ᠦᠭᠡᠷᠡᠴᠢᠯᠡᠨ ᠪᠠᠶᠢᠭᠤᠯᠤᠨ᠎ᠠ᠃ ᠪᠠᠶᠠᠨᠬᠤᠰᠢᠭᠤ ᠪᠠᠯᠭᠠᠰᠤ ᠶᠢᠨ ᠬᠤᠲᠠ ᠶᠢᠨ ᠲᠣᠭᠤᠷᠢᠭ ᠤᠨ ᠣᠷᠣᠵᠤ | ᠭᠠᠷᠬᠤ ᠭᠠᠵᠠᠷ ᠢ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠴᠢᠨᠠᠷ ᠳᠡᠰ ᠢ | ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ ᠶᠢ 20 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠡᠩ ᠣᠯᠠᠨ ︽ᠰᠠᠶᠢᠨ ᠭᠡᠷ︾ ︽ᠰᠠᠶᠢᠬᠠᠨ | ᠵᠢᠵᠢᠭ ᠲᠣᠭᠤᠷᠢᠭ︾ ᠢ ᠪᠤᠢ ᠪᠤᠯᠭᠠᠨ᠎ᠠ᠃ ︽ᠠᠷᠪᠠᠨ ᠬᠥᠨᠳᠡᠯᠡᠨ ᠭᠤᠷᠪᠠᠨ ᠭᠤᠯᠳᠤ︾ ᠶᠢᠨ ᠭᠤᠣᠯᠳᠠᠯᠭ᠎ᠠ ᠲᠠᠢ | ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠢ ᠪᠣᠢ ᠪᠣᠯᠭᠠᠵᠤ᠂ G1015 ᠵᠠᠰᠠᠮᠠᠯ ᠵᠠᠮ ᠤᠨ ᠵᠢᠯ ᠤᠨ | ᠳᠣᠲᠣᠷ᠎ᠠ ᠲᠡᠷᠭᠡ ᠨᠡᠪᠲᠡᠷᠡᠬᠦ ᠶᠢ ᠠᠬᠢᠭᠤᠯᠵᠤ᠂ S210 ᠵᠠᠰᠠᠮᠠᠯ ᠵᠠᠮ ᠤᠨ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ᠂ ᠵᠢᠭᠤᠯᠴᠢᠯᠠᠯ ᠤᠨ ᠵᠠᠰᠠᠮᠠᠯ ᠵᠠᠮ᠂ ᠡᠯᠡᠰᠦ ᠶᠢ | ᠨᠡᠪᠳᠡᠷᠡᠬᠦᠯᠬᠦ ᠵᠠᠰᠠᠮᠠᠯ ᠵᠠᠮ ᠢ 267 ᠺᠢᠯᠤᠮᠧᠲᠷ ᠬᠡᠷᠡᠭᠵᠢᠬᠦᠯᠦᠨ᠎ᠡ᠃ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠳᠣᠣᠷ᠎ᠠ ᠠᠭᠠᠷ ᠤᠨ ᠠᠵᠤ | ᠠᠬᠤᠢ ᠶᠢᠨ ᠠᠵᠤ ᠦᠢᠯᠡᠰ ᠤᠨ ᠰᠢᠪᠲᠤᠯᠤᠯᠲᠠ ᠶᠢᠨ ᠠᠵᠢᠯ ᠢ ᠡᠬᠢᠯᠡᠬᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ | ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 66 ᠺᠢᠯᠣᠸᠠᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ | 360 ᠺᠢᠯᠤᠮᠧᠲᠷ ᠴᠠᠬᠢᠯᠭᠠᠨ ᠱᠤᠭᠤᠮ ᠢ ᠥᠭᠡᠷᠡᠴᠢᠯᠡᠨ ᠰᠠᠶᠢᠵᠢᠷᠠᠭᠤᠯᠤᠨ᠎ᠠ᠃ ᠲᠦᠩᠯᠢᠶᠣᠤ — ᠬᠢᠩᠭᠠᠨ | ᠠᠶᠢᠮᠠᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠤᠷᠲᠤ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ | ᠢᠨᠵᠧᠨᠧᠷᠢᠩ ᠢ ᠠᠬᠢᠭᠤᠯᠤᠨ᠎ᠠ᠃ 1700 ᠮᠦ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ | ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠤᠶᠠᠷ ᠠᠶᠠᠨᠴᠢᠳ ᠤᠨ ᠮᠠᠰᠢᠨ | ᠲᠡᠷᠭᠡ ᠨᠢᠬᠡ ᠳᠦᠭᠰᠢᠬᠦᠷᠢᠲᠡᠢ︾ ᠶᠢ ᠲᠤᠰᠬᠠᠢ ᠴᠡᠭᠴᠡᠯᠡᠨ ᠵᠠᠰᠠᠬᠤ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ | ᠪᠠᠶᠢᠭᠤᠯᠤᠯᠲᠠ᠂ ᠨᠠᠰᠤᠵᠢᠯᠲᠠ ᠳᠤ ᠳᠣᠭᠢᠷᠠᠭᠰᠠᠨ ᠰᠠᠭᠠᠳ ᠦᠭᠡᠢ ᠵᠠᠮ ᠬᠠᠷᠢᠯᠴᠠᠭᠠᠨ ᠤ ᠶᠠᠪᠤᠵᠤ ᠰᠠᠭᠤᠬᠤ | ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠥᠩᠭᠡᠷᠡᠯᠲᠡ ᠶᠢ | ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠴᠢᠷᠮᠠᠶᠢᠨ ᠪᠠᠶᠢᠭᠤᠯᠤᠨ᠎ᠠ᠃ | ᠪᠠᠷᠢᠯᠭ᠎ᠠ ᠶᠢᠨ ᠬᠤᠭ ᠨᠣᠪᠰᠢ᠂ ᠬᠠᠤᠯᠢ ᠠᠴᠠ ᠵᠥᠷᠢᠴᠡᠭᠰᠡᠨ ᠪᠠᠷᠢᠯᠭ᠎ᠠ᠂ ᠵᠡᠮ ᠡᠵᠡᠯᠡᠨ ᠡᠵᠡᠩᠨᠡᠬᠦ ᠵᠡᠷᠭᠡ ᠪᠠᠷ | ᠭᠤᠣᠯ ᠪᠣᠯᠭᠠᠭᠰᠠᠨ ᠬᠤᠲᠠ ᠶᠢᠨ ᠦᠵᠡᠮᠵᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠲᠣᠪᠤᠶᠢᠮ᠎ᠠ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠠᠷᠤ ᠵᠡᠭᠡᠯᠢ ᠶᠢᠨ ᠵᠢᠵᠢᠭ | ᠭᠤᠳᠤᠮᠵᠢ᠂ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠭᠠᠵᠠᠷ ᠤᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠨ᠎ᠠ᠃ ︽ᠬᠤᠪᠢᠰᠬᠠᠯᠲᠤ ᠠᠳᠠᠯ ᠠᠬᠤᠢ︾ ᠶᠢᠨ ᠦᠢᠯᠡᠴᠢᠯᠡᠭᠡᠨ ᠤ ᠬᠦᠴᠦᠨ ᠢ | ᠴᠢᠩᠭᠠᠷᠠᠭᠤᠯᠵᠤ᠂ ︽ᠬᠤᠪᠢᠰᠬᠠᠯᠲᠤ ᠠᠳᠠᠯ ᠠᠬᠤᠢ︾ ᠶᠢᠨ ᠨᠡᠷᠡᠲᠦ ᠲᠡᠮᠳᠡᠭᠲᠦ ᠶᠢᠨ ᠠᠭᠤᠯᠤᠭᠳᠠᠬᠤᠨ ᠢ | ᠪᠠᠶᠠᠯᠢᠭᠵᠢᠭᠤᠯᠤᠨ᠂ ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠣᠷᠣᠵᠤ ᠰᠠᠭᠤᠬᠤ ᠳᠤᠲᠠᠭᠳᠠᠵᠤ | ᠪᠠᠶᠢᠭ᠎ᠠ᠂ ᠬᠠᠮᠢᠶᠠᠷᠤᠯᠲᠠ ᠰᠣᠯᠪᠢᠴᠠᠭᠰᠠᠨ᠂ ᠦᠢᠯᠡᠴᠢᠯᠡᠭᠡ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ | ︵ᠳᠤᠯᠤᠭ᠎ᠠ︶ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠢ ᠪᠦᠬᠦ | ᠬᠦᠴᠦᠨ ᠢᠶᠠᠷ ᠢᠶᠠᠨ ᠪᠠᠲᠤᠯᠠᠨ᠎ᠠ | ᠨᠡᠶᠢᠭᠡᠮ ᠤᠨ ᠲᠣᠭᠲᠠᠭᠤᠨ ᠪᠠᠶᠢᠳᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠵᠥᠷᠢᠴᠡᠯ ᠠᠶᠤᠯ | ᠲᠦᠭᠰᠢᠭᠦᠷᠢ ᠶᠢ ᠠᠷᠢᠯᠭᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ | ᠰᠢᠢᠳᠪᠦᠷᠢᠯᠡᠬᠦ︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠬᠡᠷᠡᠭ ᠡᠭᠦᠰᠬᠦ ᠶᠢ ᠡᠮᠬᠢ ᠵᠢᠷᠤᠮ᠂ ᠵᠢᠭᠤᠷᠠᠯᠳᠤᠨ ᠰᠤᠷᠪᠤᠯᠵᠢᠯᠠᠵᠤ ᠦᠢᠮᠡᠭᠦᠯᠬᠦ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠨᠡᠶᠢᠭᠡᠮ ᠤᠨ ᠲᠣᠭᠲᠠᠭᠤᠨ ᠢ ᠬᠠᠮᠠᠭᠠᠯᠠᠬᠤ | ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠮᠢᠨ ᠬᠡᠷᠡᠭ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠢ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠮᠲ᠋ᠠᠷᠢᠶᠠᠴᠢᠨ ᠮᠠᠯᠴᠢᠨ ᠬᠦᠴᠦ ᠶᠠᠪᠤᠭᠰᠠᠳ ᠤᠨ | ᠴᠠᠯᠢᠩ ᠤᠨ ︽ᠬᠤᠶᠠᠷ ᠮᠥᠩᠭᠦ ᠭᠤᠷᠪᠠᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠠᠯᠳᠠ ᠬᠦᠴᠦᠨ ᠤ ᠪᠠᠶᠢᠴᠠᠭᠠᠯᠲᠠ ᠶᠢ ᠰᠠᠶᠢᠲᠤᠷ ᠬᠢᠵᠦ᠂ ᠡᠷᠦᠬᠡ ᠶᠢᠨ | ᠴᠡᠷᠢᠭ ᠤᠨ ᠵᠢᠷᠤᠮᠵᠢᠭᠰᠠᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ | ᠂ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠠᠬᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠴᠢᠩᠭ᠎ᠠ ᠠᠳᠬᠤᠵᠤ᠂ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ | ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤᠯᠠᠨ᠎ᠠ᠃ | ᠥᠷᠢ ᠥᠭᠴᠡᠭᠡᠨ ᠤ ᠠᠶᠤᠯ ᠲᠦᠭᠰᠢᠭᠦᠷᠢ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ | ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠲᠣᠬᠢᠲᠠᠢ ᠰᠢᠢᠳᠪᠦᠷᠢᠯᠡᠵᠦ᠂ ᠣᠷᠣᠨ ᠨᠤᠲᠤᠭ ᠤᠨ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃ ᠬᠠᠤᠯᠢ | ᠪᠤᠰᠤ ᠪᠠᠷ ᠪᠡᠯᠡ ᠴᠤᠭᠯᠠᠭᠤᠯᠬᠤ᠂ ᠵᠢᠭᠡᠯᠡᠯᠭᠡ ᠪᠠᠷ ᠮᠡᠬᠡᠯᠡᠬᠦ ᠵᠡᠷᠭᠡ ᠠᠵᠤ ᠠᠬᠤᠶᠢᠯᠠᠯ ᠪᠠ ᠣᠯᠠᠨ ᠲᠦᠮᠡᠨ ᠳᠤ | ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ | ᠭᠦᠢᠯᠭᠡᠭᠡᠨ ᠤ ᠡᠮᠬᠢ ᠳᠢᠭᠯᠢᠮ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠭᠠᠶᠢᠯᠢ ᠶᠢᠨ ᠢᠷᠡᠯᠲᠡ ᠶᠢ | ᠪᠤᠶᠢᠵᠢᠭᠤᠯᠬᠤ ᠶᠢ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠳᠠᠯᠳᠠ ᠬᠦᠴᠦᠨ ᠢ ᠠᠭᠤᠳᠠᠯᠤᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠪᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠤᠨ᠎ᠠ᠃ | ︵ᠨᠠᠢᠮᠠ︶ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ | ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠣᠳᠣᠯᠲᠠ ᠶᠢᠨ ᠬᠢᠨᠠᠯᠲᠠ᠂ ᠣᠯᠠᠨ ᠲᠦᠮᠡᠨ ᠤ ᠬᠢᠨᠠᠯᠲᠠ᠂ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠠᠷᠠᠳ ᠤᠨ ᠪᠦᠯᠬᠦᠮ ᠤᠨ | ᠰᠠᠨᠠᠯ ᠢ ᠥᠷᠭᠡᠨ ᠢᠶᠠᠷ ᠬᠤᠷᠢᠶᠠᠨ᠎ᠠ᠃ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠴᠢᠩᠳᠠᠯᠠᠵᠤ᠂ ᠬᠠᠤᠯᠢ | ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠠᠬᠢᠭᠤᠯᠵᠤ᠂ | ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠨ᠎ᠠ᠃ | ᠨᠢᠭᠤᠴᠠ ᠶᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠨᠢᠭᠤᠴᠠ ᠶᠢ ᠬᠠᠮᠠᠭᠠᠯᠠᠬᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠬᠦᠴᠦᠨ ᠴᠢᠳᠠᠪᠤᠷᠢ ᠲᠠᠢ ᠵᠠᠰᠠᠭ ᠤᠨ ᠣᠷᠳᠣᠨ ᠤ ᠪᠠᠶᠢᠬᠤᠯᠤᠯᠲᠠ ᠶᠢ ᠴᠢᠩᠭᠠᠳᠬᠠᠨ᠎ᠠ᠃ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠴᠢᠳᠠᠪᠤᠷᠢ ᠣᠯᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ | ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠬᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ | ᠠᠵᠢᠯ ᠤᠨ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠠᠬᠢᠭᠤᠯᠤᠨ᠎ᠠ᠃ ᠡᠭᠦᠷᠭᠡ ᠶᠢ ᠲᠥᠷᠥᠯ | ᠵᠦᠢᠯ ᠪᠣᠯᠭᠠᠬᠤ᠂ ᠲᠥᠷᠥᠯ ᠵᠦᠢᠯ ᠢ ᠨᠠᠷᠢᠨ ᠳᠠᠩᠰᠠᠵᠢᠭᠤᠯᠬᠤ᠂ ᠨᠠᠷᠢᠨ ᠳᠠᠩᠰᠠ ᠶᠢ ᠬᠠᠷᠢᠭᠤᠴᠠᠯᠭᠠᠵᠢᠭᠤᠯᠬᠤ ᠶᠢ | ᠪᠠᠷᠢᠮᠲᠠᠯᠠᠵᠤ᠂ ᠠᠵᠢᠯ ᠤᠨ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠬᠠᠮᠢᠶᠠᠷᠬᠤ ᠬᠥᠮᠦᠨ ᠲᠠᠢ᠂ | ᠬᠢᠬᠦ ᠬᠥᠮᠦᠨ ᠲᠠᠢ᠂ ᠬᠠᠷᠢᠭᠤᠴᠠᠬᠤ ᠬᠥᠮᠦᠨ ᠲᠠᠢ ᠪᠠᠶᠢᠬᠤ ᠶᠢ ᠦᠨᠡᠨᠬᠦ ᠪᠠᠳᠤᠯᠠᠨ᠎ᠠ᠃ 12345 ᠠᠷᠠᠳ ᠲᠤ | ᠳᠥᠭᠦᠮ ᠦᠵᠡᠭᠦᠯᠬᠦ ᠬᠠᠯᠠᠮᠰᠢᠯ ᠤᠲᠠᠰᠤ ᠶᠢ ᠦᠷᠭᠦᠯᠵᠢᠯᠡᠨ ᠥᠨᠳᠥᠷ ᠪᠦᠲᠦᠮᠵᠢᠲᠡᠢ ᠪᠠᠷ ᠠᠵᠢᠯᠯᠠᠭᠤᠯᠬᠤ ᠶᠢ | ᠠᠬᠢᠭᠤᠯᠵᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ | ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠨᠢᠭᠡ ᠠᠵᠢᠯ ᠤᠨ | ᠪᠠᠶᠢᠷᠢᠨ ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠣᠳᠠᠲᠠᠶᠢᠵᠢᠭᠤᠯᠵᠤ᠂ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ | ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠲᠦᠷᠦᠭᠦᠯᠡᠨ ᠠᠷᠪᠢᠯᠠᠨ ᠭᠠᠮᠨᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠬᠠᠮᠢᠶᠠᠷᠤᠯᠲᠠ ᠶᠢ | ᠴᠢᠩᠳᠠᠯᠠᠵᠤ᠂ ᠡᠬᠢ ᠪᠠᠶᠠᠯᠢᠭ ᠪᠣᠯᠤᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠪᠠᠴᠢᠮ ᠭᠡᠷᠡᠭᠴᠡᠭᠡ ᠲᠠᠢ᠂ | ᠬᠥᠭᠵᠢᠯᠲᠡ ᠶᠢᠨ ᠵᠠᠩᠭᠢᠯᠠᠭ᠎ᠠ ᠳᠡᠭᠡᠷ᠎ᠡ ᠬᠡᠷᠡᠭᠯᠡᠬᠦ ᠪᠠᠷ ᠴᠢᠷᠮᠠᠶᠢᠨ᠎ᠠ᠃ | ᠲᠥᠯᠥᠭᠡᠯᠡᠭᠴᠢᠳ ᠡ᠂ ᠴᠢᠷᠮᠠᠶᠢᠨ ᠲᠡᠮᠡᠴᠡᠵᠦ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠪᠣᠳᠠᠲᠠᠢ ᠠᠵᠢᠯᠯᠠᠵᠤ | ᠢᠷᠡᠭᠡᠳᠦᠢ ᠶᠢ ᠴᠣᠭᠴᠠᠯᠠᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ᠭᠤᠷᠪᠠᠨ ᠤᠮᠠᠷᠠᠲᠤ ᠶᠢᠨ ᠵᠣᠷᠢᠭ | ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ | ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ | ᠲᠥᠯᠥᠭᠡ ᠴᠢᠷᠮᠠᠶᠢᠨ ᠲᠡᠮᠡᠴᠡᠵᠡᠭᠡᠶ᠎ᠡ︕ | |