ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠨᠢᠭᠡ ᠭᠤᠣᠯ ᠱᠤᠭᠤᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ︽ᠬᠤᠰᠢᠭᠤᠨ ᠤ ᠲᠠᠪᠤᠨ ᠪᠠᠶᠢᠯᠳᠤᠬᠤ ᠪᠣᠳᠣᠯᠭ᠎ᠠ︾ ᠶᠢ | ᠭᠦᠨᠵᠡᠭᠡᠶᠢᠷᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ | ᠢᠯᠡᠷᠡᠪᠡ᠃ | ᠨᠢᠭᠡ ᠵᠢᠯ ᠤᠨ ᠲᠤᠷᠰᠢ᠂ ᠪᠢᠳᠡ ᠠᠵᠠ ᠲᠣᠬᠢᠶᠠᠯ ᠢ ᠠᠮᠵᠢᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ | ᠡᠷᠭᠢᠯᠲᠡ ᠲᠣᠭᠲᠠᠭᠤᠨ ᠳᠤᠮᠳᠠ ᠰᠠᠶᠢᠵᠢᠷᠠᠪᠠ | ᠶᠡᠷᠦᠩᠬᠡᠶᠢᠯᠡᠭᠰᠡᠨ ᠠᠵᠤ ᠠᠬᠤᠢ ᠲᠣᠭᠲᠠᠭᠤᠨ ᠢᠶᠠᠷ ᠶᠠᠪᠤᠭᠳᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 96 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8 % ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 61 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ | ᠪᠦᠲᠦᠴᠡ ᠨᠠᠩ ᠲᠡᠩᠴᠡᠭᠦᠷᠢᠲᠡᠢ ᠪᠤᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 15 ᠳ᠋ᠦᠩᠰᠢᠭᠤᠷ ᠲᠥᠭᠦᠷᠢᠭ ᠪᠡᠶᠡᠯᠡᠭᠦᠯᠵᠦ᠂ 43% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 10.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | 4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.2 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 1.84 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6. | 4% ᠪᠠᠷ ᠨᠡᠮᠡᠭᠳᠡᠨ᠂ ᠣᠷᠣᠯᠭ᠎ᠠ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ︔ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠲᠤᠰ ᠪᠦᠷᠢ 6.4% ᠪᠠ 8.7% ᠪᠠᠷ ᠨᠡᠮᠡᠭᠳᠡᠪᠡ᠃ | ᠬᠥᠭᠵᠢᠯᠲᠡ ᠶᠢᠨ ᠪᠠᠶᠢᠳᠠᠯ ᠲᠠᠰᠤᠷᠠᠯᠲᠠ ᠦᠭᠡᠢ ᠬᠠᠳᠠᠭᠠᠯᠠᠮᠵᠢ ᠲᠠᠢ ᠪᠤᠯᠪᠠ᠃ 103 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 400 ᠳ᠋ᠦᠩᠰᠢᠭᠤᠷ ᠲᠥᠭᠦᠷᠢᠭ ᠲᠤ | ᠬᠦᠷᠪᠡ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠣᠭᠤᠷᠢᠨ ᠳᠤ᠂ ᠤᠯᠤᠰ ᠤᠨ | ᠵᠢᠭᠡᠯᠡᠯᠭᠡ᠂ ᠲᠥᠪ ᠤᠨ ᠲᠥᠰᠦᠪ ᠤᠨ ᠳᠣᠲᠣᠷᠠᠬᠢ ᠵᠡᠷᠭᠡ ᠪᠡᠯᠡ ᠮᠥᠩᠭᠦ ᠶᠢ 44 ᠳ᠋ᠦᠩᠰᠢᠭᠤᠷ ᠲᠥᠭᠦᠷᠢᠭ | ᠴᠢᠷᠮᠠᠶᠢᠨ ᠣᠯᠵᠤ᠂ 2.7% ᠪᠠᠷ ᠨᠡᠮᠡᠭᠳᠡᠨ᠂ ︽ᠭᠤᠷᠪᠠ ᠶᠢ ᠪᠠᠲᠤᠯᠠᠬᠤ︾ ᠵᠢᠴᠢ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ᠂ ᠠᠮᠢ ᠠᠬᠤᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠲᠦᠮᠵᠢᠲᠡᠢ ᠪᠠᠲᠤᠯᠠᠪᠠ᠃ ᠬᠤᠶᠠᠷ ᠶᠠᠮᠤᠨ ᠵᠥᠪᠯᠡᠯ ᠤᠨ ︽ᠵᠦᠪᠰᠢᠶᠡᠷᠡᠯ ᠬᠢᠨᠠᠨ ᠰᠢᠯᠭᠠᠯᠲᠠ | ᠶᠢ ᠦᠩᠭᠡᠷᠡᠭᠡᠭᠰᠡᠨ︾ ᠲᠥᠷᠥᠯ ᠵᠦᠢᠯ 6 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ | ᠲᠥᠭᠦᠷᠢᠭ ᠲᠤ ᠬᠦᠷᠪᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ 630 ᠮᠦ ᠪᠡᠶᠡᠯᠡᠭᠦᠯᠵᠦ᠂ | ᠠᠷᠠᠯᠵᠢᠶᠠᠨ ᠤ ᠬᠡᠮᠵᠢᠶ᠎ᠡ 2 ᠳ᠋ᠦᠩᠰᠢᠭᠤᠷ ᠲᠥᠭᠦᠷᠢᠭ ᠬᠦᠷᠪᠡ᠃ 25 ᠲᠥᠷᠥᠯ ᠵᠦᠢᠯ ᠢ ᠤᠷᠢᠨ ᠤᠷᠤᠭᠤᠯᠵᠤ᠂ | ᠨᠡᠶᠢᠲᠡ 397 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 48 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠪᠣᠳᠠᠲᠠᠶᠢᠵᠢᠭᠤᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠠᠵᠤ ᠠᠬᠤᠶᠢᠯᠠᠯ ᠤᠨ ᠪᠡᠯᠡ | ᠣᠷᠣᠭᠤᠯᠤᠨ ᠦᠢᠯᠡᠳᠪᠦᠷᠢᠯᠡᠵᠦ ᠡᠵᠡᠩᠨᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ 143 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ ︽ᠨᠢᠭᠡ ᠶᠠᠪᠤᠳᠠᠯ ᠢ ᠥᠨᠳᠥᠷ | ᠪᠦᠲᠦᠮᠵᠢᠲᠡᠢ ᠪᠠᠷ ᠬᠦᠢᠴᠡᠳᠭᠡᠬᠦ︾ ᠭᠤᠣᠯ ᠰᠡᠳᠦᠪᠲᠦ ᠢᠵᠢ ᠪᠦᠲᠦᠮᠵᠢ 5 ᠶᠢ ᠰᠢᠨ᠎ᠡ ᠪᠠᠷ ᠡᠭᠦᠳᠴᠦ᠂ ︽ᠪᠦᠬᠦ | ᠰᠦᠯᠵᠢᠶ᠎ᠡ ᠪᠠᠷ ᠭᠦᠢᠴᠡᠳᠬᠡᠬᠦ︾ ᠵᠦᠢᠯᠡᠰ 1587 ᠪᠠᠶᠢᠵᠤ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠵᠦᠢᠯᠡᠰ 1333 ᠪᠣᠯᠪᠠ᠃ ᠪᠦᠬᠦ ᠠᠶᠢᠮᠠᠭ ᠲᠤ ᠤᠷᠢᠳᠠᠪᠠᠷ ᠭᠤᠷᠪᠠᠨ ᠱᠠᠲᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠲᠤᠰᠬᠠᠢ ᠣᠷᠣᠨ ᠢ ᠪᠠᠶᠢᠭᠤᠯᠵᠤ᠂ ︽ᠪᠦᠬᠦ ᠦᠵᠡᠮᠵᠢ ᠶᠢᠨ ᠲᠣᠭᠠᠴᠢᠯᠠᠭᠰᠠᠨ ᠵᠠᠰᠠᠭ ᠤᠨ ᠶᠠᠪᠤᠳᠠᠯ ᠤᠨ | ᠶᠡᠭᠡ ᠲᠢᠩᠬᠢᠮ︾ ︽ᠪᠠᠲᠤᠴᠠᠭᠠᠨ ᠤ ᠠᠵᠢᠯᠯᠠᠭ᠎ᠠ ᠶᠢᠨ ᠶᠠᠪᠤᠳᠠᠯ ᠤᠨ ᠬᠠᠪᠰᠤᠷᠤᠨ ᠭᠦᠢᠴᠡᠳᠬᠡᠬᠦ · ᠬᠠᠷᠠᠭᠠᠨ | ᠳᠠᠪᠲᠠᠮᠵᠢ ᠪᠠᠷ ᠭᠦᠢᠴᠡᠳᠬᠡᠬᠦ︾ ᠦᠢᠯᠡᠴᠢᠯᠡᠭᠡ ᠶᠢ ᠤᠷᠢᠳᠠᠪᠠᠷ ᠭᠡᠷᠡᠭᠵᠢᠬᠦᠯᠪᠡ᠃ 12345 ᠠᠷᠠᠳ ᠲᠤ ᠳᠥᠭᠦᠮ | ᠦᠵᠡᠭᠦᠯᠬᠦ ᠤᠲᠠᠰᠤ ᠶᠢ ᠳᠠᠭᠤᠷᠢᠰᠤᠭᠰᠠᠨ ᠨᠣᠷᠮ᠎ᠠ 100% ᠳᠤ ᠬᠦᠷᠴᠦ᠂ 1.3 ᠲᠦᠮᠡᠨ ᠬᠤᠪᠢ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 6.14 | ᠳ᠋ᠦᠩᠰᠢᠭᠤᠷ ᠲᠥᠭᠦᠷᠢᠭ ᠠᠷᠢᠯᠭᠠᠵᠤ᠂ ᠪᠦᠬᠦ ᠣᠷᠣᠨ ᠤ ᠴᠤᠷ ᠤᠨ ᠭᠠᠭᠴᠠ ᠲᠦᠷ ᠲᠤᠰᠢᠶᠠᠬᠤ ᠵᠣᠭᠤᠰ ᠢ | ᠪᠦᠬᠦᠨ ᠢ ᠠᠷᠢᠯᠭᠠᠬᠤ ᠬᠤᠰᠢᠭᠤ ︵ᠰᠢᠶᠠᠨ︶ ᠪᠤᠯᠪᠠ᠃ ᠮᠥᠩᠭᠦᠨ ᠭᠦᠢᠯᠭᠡᠭᠡ ᠪᠠᠷ ᠣᠷᠣᠨ ᠨᠤᠲᠤᠭ ᠤᠨ ᠠᠵᠤ | ᠠᠬᠤᠢ ᠶᠢᠨ ᠬᠥᠭᠵᠢᠯᠲᠡ ᠶᠢ ᠳᠡᠮᠵᠢᠵᠦ᠂ ᠡᠯ᠎ᠡ ᠲᠥᠷᠥᠯ ᠤᠨ ᠵᠢᠭᠡᠯᠡᠯᠭᠡ ᠶᠢ 95 ᠳ᠋ᠦᠩᠰᠢᠭᠤᠷ ᠲᠥᠭᠦᠷᠢᠭ ᠠᠴᠠ | ᠳᠡᠭᠡᠭᠰᠢ ᠲᠠᠷᠬᠠᠭᠠᠪᠠ᠃ | ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠬᠥᠭᠵᠢᠯᠲᠡ ᠶᠢᠨ ᠰᠠᠭᠤᠷᠢ ᠨᠡᠩ ᠪᠠᠲᠤ ᠪᠠᠬᠢ ᠪᠣᠯᠪᠠ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠬᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ 8 ᠲᠦᠮᠡᠨ ᠮᠦ ᠨᠡᠮᠡᠭᠳᠡᠵᠤ᠂ 221 ᠲᠦᠮᠡᠨ ᠮᠦ ᠳᠤ | ᠬᠦᠷᠪᠡ᠃ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ 151 ᠲᠦᠮᠡᠨ ᠮᠦ ᠲᠠᠷᠢᠶᠠᠯᠠᠭ᠎ᠠ ᠶᠢ ᠪᠡᠶᠡᠯᠡᠭᠦᠯᠵᠦ᠂ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠬᠡᠷᠡᠭᠯᠡᠭᠡᠨ ᠤ ᠮᠡᠷᠭᠡᠵᠢᠯ ᠨᠢ ︽ᠪᠦᠬᠦ ᠤᠯᠤᠰ ᠤᠨ ᠠᠩᠬᠠᠳᠠᠭᠴᠢ ᠪᠦᠯᠦᠭ | ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠳᠤ ᠬᠡᠷᠡᠭᠯᠡᠬᠦ ᠨᠡᠶᠢᠲᠡᠯᠢᠭ ᠵᠢᠱᠢᠶ᠎ᠡ︾ | ᠪᠠᠷ ᠰᠣᠩᠭᠤᠭᠳᠠᠪᠠ᠃ ᠠᠮᠤ ᠪᠤᠳᠠᠭᠠᠨ ᠤ ᠤᠨᠠᠯᠲᠠ 25 ᠳ᠋ᠦᠩᠰᠢᠭᠤᠷ ᠵᠢᠩ ᠠᠴᠠ ᠳᠡᠭᠡᠭᠰᠢ ᠪᠠᠶᠢᠵᠤ᠂ ᠠᠷᠪᠠᠨ | ᠲᠠᠪᠤᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ ᠮᠠᠯ ᠳᠡᠵᠢᠬᠡᠪᠦᠷᠢ ᠶᠢᠨ ᠲᠤᠭ᠎ᠠ ᠲᠣᠯᠣᠭᠠᠢ 263 | ᠲᠦᠮᠡ ᠳᠤ ᠬᠦᠷᠴᠦ᠂ ︽ᠠᠷᠪᠠᠨ ᠨᠢᠭᠡᠨ ᠵᠢᠯ ᠳᠠᠷᠠᠭᠠᠯᠠᠨ ᠲᠣᠭᠲᠠᠭᠤᠨ︾ ᠪᠠᠶᠢᠬᠤ ᠶᠢ ᠪᠡᠶᠡᠯᠡᠭᠦᠯᠪᠡ᠃ ᠠᠯᠠᠰᠢᠨ | ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠴᠢᠨᠠᠷ ᠰᠠᠶᠢᠲᠠᠢ | ᠲᠡᠵᠢᠭᠡᠯ ᠡᠪᠡᠰᠦ 70 ᠲᠦᠮᠡᠨ ᠮᠦ ᠲᠠᠷᠢᠵᠤ᠂ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ | ᠬᠦᠷᠢᠶᠡᠯᠡᠩ ᠠᠰᠢᠭᠯᠠᠯᠲᠠ ᠳᠤ ᠣᠷᠣᠪᠠ᠃ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ | ᠳᠠᠭᠠᠳᠬᠠᠯ ᠤᠨ ᠠᠵᠢᠯ ᠢ ᠲᠤᠷᠰᠢᠨ ᠥᠷᠨᠢᠭᠦᠯᠵᠦ᠂ ᠬᠤᠩ ᠠᠨ ᠮᠠᠯ ᠳᠡᠵᠢᠬᠡᠪᠦᠷᠢ ᠶᠢᠨ ᠠᠷᠠᠯᠵᠢᠶᠠᠨ ᠤ ᠵᠠᠬ᠎ᠠ | ᠳᠡᠯᠭᠡᠭᠦᠷ ᠤᠨ ᠠᠷᠠᠯᠵᠢᠶᠠᠨ ᠤ ᠬᠡᠮᠵᠢᠶ᠎ᠡ 69 ᠲᠦᠮᠡᠨ ᠲᠣᠯᠣᠭᠠᠢ ᠳᠤ ᠬᠦᠷᠴᠦ᠂ ᠠᠷᠠᠯᠵᠢᠶᠠᠨ ᠤ ᠲᠤᠭ᠎ᠠ | ᠬᠡᠮᠵᠢᠶ᠎ᠡ ᠶᠢ 20 ᠳ᠋ᠦᠩᠰᠢᠭᠤᠷ ᠲᠥᠭᠦᠷᠢᠭ ᠲᠤ ᠬᠦᠷᠭᠡᠪᠡ᠃ ᠬᠤᠸᠠ ᠶᠠᠩ ᠦᠬᠡᠷ ᠤᠨ ᠦᠢᠯᠡᠰ 1.5 ᠲᠦᠮᠡᠨ | ᠠᠯᠠᠰᠢᠨ ᠦᠬᠡᠷ ᠨᠢᠳᠤᠯᠠᠵᠤ᠂ ᠪᠦᠬᠦ ᠠᠶᠢᠮᠠᠭ ᠤᠨ ᠠᠯᠠᠰᠢᠨ ᠦᠬᠡᠷ ᠨᠢᠲᠤᠯᠬᠤ ᠬᠡᠮᠵᠢᠶᠡᠨ ᠤ ᠭᠤᠷᠪᠠᠨ ᠤ | ᠬᠤᠶᠠᠷ ᠠᠴᠠ ᠳᠠᠪᠠᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ | ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠩᠬᠠᠳᠠᠭᠴᠢ ᠠᠯᠠᠰᠢᠨ ᠦᠬᠡᠷ ᠤᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠤᠨ ︽ᠨᠢᠭᠡ ᠬᠦᠷᠢᠶᠡᠯᠡᠩ ᠭᠤᠷᠪᠠᠨ ᠲᠥᠪ︾᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠰᠢᠨ᠎ᠡ ᠶᠢ | ᠡᠭᠦᠳᠬᠦ ᠲᠥᠪ ᠠᠰᠢᠭᠯᠠᠯᠲᠠ ᠳᠤ ᠣᠷᠣᠪᠠ᠃ ᠵᠦᠩ ᠨᠥᠩ ᠰᠢᠩ ᠠᠨ ᠠᠯᠠᠰᠢᠨ ᠦᠬᠡᠷ ᠤᠨ ᠡᠭᠦᠯᠳᠡᠷ | ᠪᠤᠶᠢᠵᠢᠭᠤᠯᠬᠤ ᠵᠢᠭᠠᠯᠲᠠ ᠲᠤᠭ᠎ᠠ ᠭᠤᠷᠪᠠᠨ ᠵᠢᠯ ᠳᠠᠷᠠᠭᠠᠯᠠᠨ ᠪᠦᠬᠦ ᠤᠯᠤᠰ ᠲᠤ ᠳᠡᠷᠢᠬᠦᠯᠵᠡᠢ᠃ ᠤᠯᠤᠰ ᠤᠨ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠᠷ ᠳᠠᠮᠵᠢᠨ᠂ ᠪᠦᠬᠦ ᠬᠡᠯᠬᠢᠶᠡᠲᠦ ᠮᠢᠬᠠᠨ ᠤ ᠦᠬᠡᠷ ᠤᠨ | ᠠᠵᠤ ᠦᠢᠯᠡᠰ ᠤᠨ ᠬᠠᠪᠰᠤᠷᠤᠨ ᠲᠡᠳᠬᠦᠬᠦ ᠵᠠᠭᠪᠤᠷ ᠳᠤᠮᠳᠠᠳᠤ ᠤᠯᠤᠰ ᠤᠨ ᠬᠥᠳᠡᠭᠡ ᠳᠤᠰᠬᠤᠨ ᠢ ᠬᠥᠭᠵᠢᠭᠦᠯᠦᠨ | ᠮᠠᠨᠳᠤᠭᠤᠯᠬᠤ ᠰᠡᠳᠬᠦᠯ ᠳᠤ ᠨᠡᠶᠢᠳᠡᠯᠡᠭᠳᠡᠪᠡ᠃ | ᠠᠵᠤ ᠦᠢᠯᠡᠳᠪᠦᠷᠢ ᠶᠢᠨ ᠳᠤᠯᠭᠠᠭᠤᠷᠢᠯᠠᠯ ᠨᠡᠩ ᠬᠦᠴᠦᠨ ᠲᠠᠢ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 50 ᠳ᠋ᠦᠩᠰᠢᠭᠤᠷ ᠲᠥᠭᠦᠷᠢᠭ ᠲᠤ ᠬᠦᠷᠴᠦ᠂ 42. | 6% ᠪᠠᠷ ᠨᠡᠮᠡᠭᠳᠡᠪᠡ᠃ ᠪᠦᠬᠦ ᠣᠷᠣᠨ ᠳᠤ ᠠᠩᠬ᠎ᠠ ᠤᠳᠠᠭ᠎ᠠ ᠣᠷᠣᠨ ᠠᠯᠤᠰᠯᠠᠭᠰᠠᠨ ᠵᠠᠭᠪᠤᠷ ᠢᠶᠠᠷ ᠠᠶᠢᠮᠠᠭ ᠬᠤᠲᠠ | ᠠᠯᠤᠰᠯᠠᠨ ᠬᠠᠮᠲᠤᠷᠠᠯᠴᠠᠵᠤ ᠪᠦᠲᠦᠭᠡᠨ ᠪᠠᠶᠢᠭᠤᠯᠬᠤ 3 ᠰᠢᠨ᠎ᠡ ᠡᠨᠧᠷᠭᠢ ᠶᠢᠨ ᠲᠥᠷᠥᠯ ᠵᠦᠢᠯ ᠢ ᠪᠦᠬᠦ ᠲᠠᠯ᠎ᠠ ᠪᠠᠷ | ᠡᠬᠢᠯᠡᠭᠦᠯᠵᠦ᠂ ︽ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ︾ ᠬᠤᠭᠤᠰᠣᠨ ᠢ | ᠨᠥᠬᠦᠪᠥᠷᠢᠯᠡᠪᠡ᠃ ᠮᠧᠩ ᠨᠧᠩ ᠵᠠᠭᠤᠨ ᠲᠦᠮᠡᠨ ᠺᠢᠯᠣᠸᠠᠲ ᠤᠨ ᠰᠠᠭᠤᠷᠢᠨ᠂ ᠵᠦᠩ ᠭᠤᠸᠠᠩ ᠾᠧ ᠡᠯᠡᠰᠦ ᠶᠢ | ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ | ᠠᠵᠢᠯ ᠡᠬᠢᠯᠡᠭᠦᠯᠦᠨ ᠪᠠᠶᠢᠭᠤᠯᠪᠠ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ | ᠬᠡᠪᠴᠢᠶ᠎ᠡ 280 ᠲᠦᠮᠡᠨ ᠺᠢᠯᠣᠸᠠᠲ ᠲᠤ ᠬᠦᠷᠪᠡ᠃ ᠴᠠᠬᠢᠯᠭᠠᠨ ᠲᠣᠣᠷ ᠤᠨ ᠨᠡᠪᠲᠡᠷᠡᠬᠦ ᠵᠠᠮ ᠢ ᠦᠷᠭᠦᠯᠵᠢᠯᠡᠨ | ᠰᠢᠯᠢᠳᠡᠭᠵᠢᠭᠦᠯᠵᠦ᠂ 500 ᠺᠢᠯᠤᠸᠤᠯᠲ ᠤᠨ ᠱᠤᠭᠤᠮ ᠤᠨ ᠢᠨᠵᠧᠨᠧᠷᠢᠩ ᠢ 2 ᠵᠤᠷᠪᠤᠰ ᠬᠡᠷᠡᠭᠵᠢᠭᠦᠯᠵᠦ᠂ | ᠨᠡᠶᠢᠲᠡ 13 ᠵᠤᠷᠪᠤᠰ ᠪᠤᠯᠪᠠ᠃ ᠵᠢᠩ ᠺᠧ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ | ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ᠂ ᠰᠢᠩ ᠲᠦᠩ ᠨᠡᠭᠦᠷᠡᠰᠦᠨ ᠠᠭᠤᠷᠬᠠᠢ ᠶᠢᠨ | ᠣᠶᠤᠨᠴᠢᠯᠠᠭᠰᠠᠨ ᠥᠭᠡᠷᠡᠴᠢᠯᠡᠯᠲᠡ᠂ ᠮᠧᠩ ᠨᠧᠩ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠨᠣᠮᠧᠷᠲᠤ ᠮᠠᠰᠢᠨ | ᠴᠣᠭᠴᠠᠯᠠᠪᠤᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢ ᠪᠡᠶᠡᠯᠡᠬᠦᠯᠪᠡ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠵᠠᠰᠠᠪᠦᠷᠢ ᠤᠷᠤᠭᠤᠯᠵᠤ᠂ ᠬᠦᠷᠢᠶᠡᠯᠡᠩ ᠳᠤᠭᠤᠷᠢᠭ | ᠲᠤ ᠤᠷᠤᠵᠤ ᠰᠠᠭᠤᠷᠢᠰᠢᠭᠰᠠᠨ ᠠᠵᠤ ᠠᠬᠤᠶᠢᠯᠠᠯ 8 ᠡᠷᠦᠭᠡ ᠰᠢᠨ᠎ᠡ ᠪᠠᠷ ᠨᠡᠮᠡᠭᠳᠡᠵᠤ᠂ ᠤᠯᠤᠰ ᠤᠨ ᠳᠡᠰ ᠤᠨ | ᠪᠣᠬᠢᠷᠲᠤᠯ ᠦᠭᠡᠢ ᠦᠢᠯᠡᠳᠪᠦᠷᠢ 1 ᠨᠡᠮᠡᠭᠳᠡᠪᠡ᠃ | ᠭᠤᠷᠪᠠᠳᠤᠭᠠᠷ ᠠᠵᠤ ᠦᠢᠯᠡᠰ ᠨᠡᠩ ᠠᠮᠢᠳᠤᠯᠢᠭ ᠬᠦᠴᠦᠨ ᠲᠠᠢ ᠪᠣᠯᠪᠠ᠃ ᠤᠯᠤᠰ ᠤᠨ 4A ᠳᠡᠰ ᠤᠨ | ᠦᠵᠡᠮᠵᠢ ᠶᠢᠨ ᠣᠷᠣᠨ᠂ 4C ᠳᠡᠰ ᠤᠨ ᠥᠪᠡᠷ ᠢᠶᠠᠨ ᠲᠡᠷᠭᠡ ᠵᠢᠯᠣᠭᠤᠳᠤᠨ ᠪᠠᠭᠤᠳᠠᠯᠯᠠᠬᠤ ᠭᠠᠵᠠᠷ ᠲᠤᠰ ᠪᠦᠷᠢ | 1 ᠨᠡᠮᠡᠭᠳᠡᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ 1ᠨᠡᠮᠡᠭᠳᠡᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ 3 | ᠨᠡᠮᠡᠭᠳᠡᠵᠤ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 1 ᠨᠡᠮᠡᠭᠳᠡᠪᠡ᠃ | ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠭᠠᠷᠴᠠᠭ ᠤᠨ | ᠲᠥᠷᠥᠯ ᠵᠦᠢᠯ 3 ᠨᠡᠮᠡᠭᠳᠡᠪᠡ᠃ ᠤᠤᠭᠠᠯ ᠳᠠᠭᠤᠯᠠᠯᠲᠤ ᠵᠦᠵᠦᠭᠡ ︽ᠤᠭᠠᠯᠵᠠ ᠬᠡ ᠲᠠᠢ ᠡᠮᠡᠭᠡᠯ︾ ᠢ | ᠠᠮᠵᠢᠯᠲᠠᠲᠠᠢ ᠲᠣᠭᠯᠠᠵᠤ᠂ ︽ᠦᠵᠡᠰᠬᠦᠯᠡᠩᠲᠦ ᠰᠠᠶᠢᠬᠠᠨ ᠵᠢᠷᠢᠮ ᠮᠢᠨᠦ ᠨᠤᠲᠤᠭ︾ ᠥᠪᠡᠷᠲᠡᠭᠡᠨ ᠵᠠᠰᠠᠬᠤ ᠣᠷᠣᠨ ᠤ | ᠬᠠᠮᠤᠭ ᠤᠨ ᠰᠠᠶᠢᠬᠠᠨ ᠲᠣᠰᠬᠤᠨ ᠤ ᠳᠠᠭᠤᠤ ᠪᠠᠷ ᠦᠨᠡᠯᠡᠭᠳᠡᠪᠡ᠃ ᠳᠠᠶᠢᠴᠢᠨᠲᠠᠯ᠎ᠠ ᠭᠠᠴᠠᠭ᠎ᠠ 2024 ᠣᠨ ᠤ ᠪᠦᠬᠦ | ᠤᠯᠤᠰ ᠤᠨ ︽ᠨᠠᠮᠤᠷ ᠤᠨ ᠤᠯᠠᠷᠢᠯ ᠤᠨ ᠲᠣᠰᠬᠤᠨ ᠤ ᠦᠳᠡᠰᠢᠯᠡᠭᠡ︾ ᠶᠢᠨ ᠦᠵᠡᠭᠦᠯᠭᠡ ᠶᠢᠨ ᠴᠡᠭ ᠢᠶᠠᠷ | ᠰᠣᠩᠭᠤᠭᠳᠠᠪᠠ᠃ ᠳᠥᠷᠪᠡᠳᠦᠭᠡᠷ ᠬᠤᠭᠤᠴᠠᠭᠠᠨ ᠤ ︽ᠪᠠᠳᠤᠴᠠᠭᠠᠨ ᠬᠤᠨᠳᠠᠭᠠᠲᠤ︾ ᠳᠡᠯᠡᠬᠡᠢ ᠶᠢᠨ ᠰᠡᠶᠢᠷᠡᠭ | ᠣᠢ ᠶᠢᠨ ᠲᠠᠯ᠎ᠠ ᠨᠤᠲᠤᠭ ᠤᠨ ᠭᠡᠷᠡᠯ ᠵᠢᠷᠤᠭ ᠤᠨ ᠦᠵᠡᠭᠦᠯᠦᠯᠭᠡ᠂ ᠥᠪᠥᠷ ᠮᠣᠩᠭᠤᠯ ᠤᠨ ᠲᠠᠯ᠎ᠠ ᠨᠤᠲᠤᠭ ᠤᠨ | ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ | ᠨᠢᠳᠤᠷᠭᠠᠨ ᠡᠷᠳᠡᠮ ᠤᠨ ᠮᠠᠩᠯᠠᠢ ᠤᠷᠤᠯᠳᠤᠭᠠᠨ᠂ ᠬᠢᠩᠭᠠᠨ ᠠᠶᠢᠮᠠᠭ ᠤᠨ ᠪᠠᠳᠤᠴᠠᠭᠠᠨ ᠰᠣᠶᠣᠯ ᠵᠢᠭᠤᠯᠴᠢᠯᠠᠯ ᠤᠨ | ᠤᠯᠠᠷᠢᠯ ᠵᠡᠷᠭᠡ ᠠᠵᠢᠯᠯᠠᠭ᠎ᠠ ᠶᠢ ᠡᠷᠬᠢᠯᠡᠪᠡ᠃ ᠰᠢᠨ᠎ᠡ ᠪᠠᠷ ᠢᠯᠡᠷᠡᠭᠦᠯᠦᠭᠰᠡᠨ 8 ᠪᠠᠭᠤᠷᠢ᠂ ᠪᠢᠴᠢᠭᠲᠦ ᠪᠠᠭᠤᠷᠢ ᠵᠡᠷᠭᠡ | ᠶᠢ ᠰᠢᠨ᠎ᠡ ᠪᠠᠷ 8 ᠢᠯᠡᠷᠡᠬᠦᠯᠵᠤ᠂ ᠪᠦᠬᠦ ᠬᠤᠰᠢᠭᠤᠨ ᠤ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ | 195 ᠪᠤᠯᠪᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠪᠠᠶᠢᠭᠤᠯᠤᠯᠲᠠ ᠶᠢ | ᠪᠡᠶᠡᠯᠡᠭᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠣᠷᠣᠯᠠᠭᠤᠯᠭ᠎ᠠ ᠶᠢᠨ ᠬᠡᠮᠵᠢᠶ᠎ᠡ 15.3% ᠪᠠᠷ | ᠨᠡᠮᠡᠭᠳᠡᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠪᠦᠬᠦ | ᠠᠶᠢᠮᠠᠭ ᠲᠤ ᠡᠩ ᠲᠡᠷᠢᠭᠦᠨ ᠳᠤ ᠪᠡᠶᠡᠯᠡᠭᠦᠯᠪᠡ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠲᠥᠷᠥᠯ | ᠵᠦᠢᠯ ᠠᠰᠢᠭᠯᠠᠯᠲᠠ ᠳᠤ ᠣᠷᠣᠵᠤ᠂ ᠪᠦᠬᠦ ᠬᠤᠰᠢᠭᠤᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ | ᠠᠬᠤᠶᠢᠯᠠᠯ ᠤᠨ ᠬᠥᠮᠥᠷᠭᠡ ᠶᠢᠨ ᠪᠠᠭᠲᠠᠭᠠᠮᠵᠢ 80 ᠲᠦᠮᠡᠨ ᠲᠣᠨ ᠳᠤ ᠬᠦᠷᠪᠡ᠃ | ᠨᠢᠭᠡ ᠵᠢᠯ ᠤᠨ ᠲᠤᠷᠰᠢ᠂ ᠪᠢᠳᠡ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠠᠳᠬᠤᠵᠤ᠂ | ᠬᠤᠲᠠ ᠬᠥᠳᠡᠭᠡ ᠶᠢᠨ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ | ᠰᠠᠭᠤᠷᠢ ᠲᠥᠬᠦᠭᠡᠷᠦᠮᠵᠢ ᠦᠷᠭᠦᠯᠵᠢᠯᠡᠨ ᠲᠡᠭᠦᠯᠳᠡᠷᠵᠢᠪᠡ᠃ 4.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ︽ᠳᠤᠯᠠᠭᠠᠨ ᠢᠨᠵᠧᠨᠧᠷᠢᠩ︾ ᠤᠨ ᠲᠥᠷᠥᠯ ᠵᠦᠢᠯ ᠢ 6 ᠬᠡᠷᠡᠭᠵᠢᠭᠦᠯᠵᠦ᠂ 210 ᠺᠢᠯᠤᠮᠧᠲᠷ | ᠬᠤᠭᠤᠯᠠᠢ ᠲᠣᠣᠷ ᠢ ᠥᠭᠡᠷᠡᠴᠢᠯᠡᠵᠦ᠂ ᠢᠯᠴᠢ ᠬᠠᠩᠭᠠᠬᠤ ᠴᠢᠳᠠᠪᠤᠷᠢ 700 ᠲᠦᠮᠡᠨ ᠲᠡᠭᠰᠢ ᠳᠥᠷᠪᠡᠯᠵᠢᠨ ᠮᠧᠲᠷ ᠢ | ᠳᠠᠪᠠᠪᠠ᠃ ᠮᠠᠯᠵᠢᠬᠤ ᠲᠠᠷᠢᠶᠠᠯᠠᠬᠤ ᠣᠷᠣᠨ ᠤ ᠴᠡᠪᠡᠷ ᠳᠤᠯᠠᠭᠠᠯᠠᠭ᠎ᠠ ᠶᠢ ᠠᠬᠢᠭᠤᠯᠵᠤ᠂ ︽ᠭᠦᠶᠦᠭᠡᠨ | ᠳᠠᠪᠬᠤᠷᠭ᠎ᠠ ᠶᠢᠨ ᠭᠠᠵᠠᠷ ᠤᠨ ᠢᠯᠴᠢ ᠶᠢᠨ ᠬᠥᠭᠡᠷᠭᠡ ᠶᠢᠨ ᠮᠡᠷᠭᠡᠵᠢᠯ ᠪᠠ ᠨᠠᠷᠠᠨ ᠡᠨᠧᠷᠭᠢ ᠶᠢᠨ ᠮᠡᠷᠭᠡᠵᠢᠯ︾ ᠤᠨ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠡᠨᠧᠷᠭᠢ ᠬᠠᠩᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ | ᠭᠡᠷᠡᠭᠵᠢᠬᠦᠯᠪᠡ᠃ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 8.4 ᠺᠢᠯᠣᠮᠧᠲᠷ ᠬᠤᠲᠠ ᠶᠢᠨ ᠵᠠᠮ ᠢ | ᠥᠭᠡᠷᠡᠴᠢᠯᠡᠵᠦ᠂ 12 ᠺᠢᠯᠣᠮᠧᠲᠷ ᠤᠰᠤ ᠲᠠᠲᠠᠷᠠᠭᠤᠯᠬᠤ ᠬᠤᠭᠤᠯᠠᠢ ᠲᠣᠣᠷ ᠢ ᠳᠡᠪᠢᠰᠪᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 14 ᠲᠦᠮᠡᠨ ᠳᠡᠭᠰᠢ ᠳᠥᠷᠪᠡᠯᠵᠢᠨ ᠮᠧᠲᠷ ᠨᠡᠮᠡᠭᠳᠡᠵᠤ᠂ ᠪᠡᠯᠡᠨ ᠭᠡᠷ | ᠪᠠᠶᠢᠰᠢᠩ ᠤᠨ ᠪᠣᠷᠣᠯᠠᠭᠤᠯᠤᠯᠲᠠ ᠶᠢᠨ ᠵᠠᠭᠪᠤᠷ ᠪᠦᠬᠦ ᠤᠯᠤᠰ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ | G1015 ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠵᠦ᠂ G334 ᠵᠠᠰᠠᠮᠠᠯ ᠵᠠᠮ ᠤᠨ | ᠭᠤᠤᠯ ᠤᠨ ᠪᠠᠶᠢᠰᠢᠩ ᠤᠨ ᠬᠡᠰᠡᠭ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ 123 ᠺᠢᠯᠤᠮᠧᠲᠷ ᠤᠨ ᠵᠠᠰᠠᠮᠠᠯ ᠵᠠᠮ ᠢ ᠥᠭᠡᠷᠡᠴᠢᠯᠡᠨ ᠵᠠᠰᠠᠪᠠ᠃ ᠬᠥᠳᠡᠭᠡ ᠲᠣᠰᠬᠤᠨ ᠤ ᠴᠠᠬᠢᠯᠭᠠᠨ | ᠲᠣᠣᠷ ᠢ 410 ᠺᠢᠯᠤᠮᠧᠲᠷ ᠥᠭᠡᠷᠡᠴᠢᠯᠡᠨ ᠪᠠᠶᠢᠭᠤᠯᠵᠤ᠂ 5G ᠶᠢᠨ ᠰᠠᠭᠤᠷᠢ ᠥᠷᠲᠡᠭᠡ 194 ᠰᠠᠤᠷᠢ ᠰᠢᠨ᠎ᠡ | ᠪᠠᠷ ᠪᠠᠶᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ 111 ᠪᠠᠶᠢᠭᠤᠯᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ︽ᠮᠢᠩᠭᠠᠨ ᠲᠦᠮᠡᠨ | ᠢᠨᠵᠧᠨᠧᠷᠢᠩ︾ ᠤᠨ ᠨᠡᠶᠢᠲᠡᠯᠢᠭ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠡᠯᠡ ᠮᠥᠩᠭᠦ ᠶᠢ 4 ᠳ᠋ᠦᠩᠰᠢᠭᠤᠷ ᠲᠥᠭᠦᠷᠢᠭ ᠣᠷᠣᠭᠤᠯᠵᠤ᠂ 114 ᠲᠥᠷᠥᠯ ᠵᠦᠢᠯ ᠢ | ᠬᠡᠷᠡᠭᠵᠢᠭᠦᠯᠪᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ | 546 ᠡᠷᠦᠬᠡ ᠶᠢᠨ 1458 ᠬᠥᠮᠦᠨ ᠠᠮᠠ ᠶᠢ ᠰᠢᠨ᠎ᠡ ᠪᠠᠷ ᠢᠯᠭᠠᠨ ᠲᠠᠨᠢᠵᠤ᠂ ᠬᠠᠪᠰᠤᠷᠤᠨ ᠲᠡᠳᠬᠦᠬᠦ ᠶᠢ | ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ᠲᠠᠷᠢᠶᠠᠯᠠᠩ ᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ︽ᠵᠢᠷᠭᠤᠭᠠᠨ | ᠵᠦᠢᠯ︾ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3000 | ᠲᠥᠭᠦᠷᠢᠭ ᠠᠴᠠ ᠳᠡᠭᠡᠭᠰᠢ ᠨᠡᠮᠡᠭᠳᠡᠬᠦᠯᠪᠡ᠃ ᠲᠥᠪ ᠬᠤᠷᠢᠶᠠᠨ ᠤ ᠨᠢᠬᠡᠴᠡ ᠨᠦᠭᠦᠳ ᠴᠡᠭ ᠲᠣᠭᠲᠠᠭᠠᠨ ᠬᠠᠪᠰᠤᠷᠤᠨ | ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ︽ᠵᠢᠷᠭᠤᠭ᠎ᠠ ᠶᠢ | ᠳᠠᠬᠢᠨ ᠢᠶᠠᠷ ᠨᠡᠮᠡᠭᠳᠡᠭᠦᠯᠬᠦ︾ ᠠᠵᠢᠯ ᠦᠷᠭᠦᠯᠵᠢᠯᠡᠨ ᠭᠦᠨᠵᠡᠭᠡᠶᠢᠷᠡᠵᠦ᠂ ᠲᠠᠷᠢᠶᠠᠯᠠᠩ ᠤᠨ ᠪᠦᠲᠦᠭᠡᠭᠳᠡᠬᠦᠨ ᠤ | ᠭᠠᠳᠠᠭᠠᠳᠤ ᠭᠠᠷᠭᠠᠯᠲᠠ ᠶᠢᠨ ᠬᠡᠮᠵᠢᠶ᠎ᠡ 6 ᠳ᠋ᠦᠩᠰᠢᠭᠤᠷ ᠲᠥᠭᠦᠷᠢᠭ ᠢ ᠳᠠᠪᠠᠪᠠ᠃ ︽ᠵᠠᠰᠠᠭ ᠤᠨ ᠣᠷᠳᠣᠨ +ᠠᠵᠤ | ᠠᠬᠤᠶᠢᠯᠠᠯ+ ᠳᠠᠷᠢᠶᠠᠴᠢᠨ︾ ᠤ ᠣᠷᠣᠯᠭ᠎ᠠ ᠶᠢ ᠨᠡᠮᠡᠭᠳᠡᠭᠦᠯᠬᠦ ᠵᠠᠭᠪᠤᠷ ᠨᠢ ᠪᠦᠬᠦ ᠪᠥᠮᠪᠥᠷᠴᠡᠭ ᠤᠨ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠴᠥᠭᠡᠳᠬᠡᠭᠰᠡᠨ ᠬᠠᠮᠤᠭ ᠤᠨ ᠰᠠᠶᠢᠨ ᠵᠢᠱᠢᠶ᠎ᠡ ᠪᠠᠷ ᠰᠤᠩᠭᠤᠭᠳᠠᠵᠤ᠂ ︽ | ᠲᠣᠰᠬᠤᠨ ᠤ ᠬᠠᠮᠲᠤᠷᠠᠭᠰᠠᠨ ᠨᠡᠪᠲᠡᠷᠡᠭᠦᠯᠭᠡ︾ ᠨᠢ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ | ᠨᠡᠶᠢᠲᠡᠯᠢᠭ ᠵᠢᠱᠢᠶ᠎ᠡ ᠪᠠᠷ ᠰᠤᠩᠭᠤᠭᠳᠠᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠨᠢ ᠮᠠᠯ ᠢᠶᠠᠨ ᠨᠡᠮᠡᠭᠳᠡᠭᠦᠯᠵᠦ | ᠵᠠᠯᠠᠭᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠫᠢᠯᠢᠮ ᠪᠦᠬᠦ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠲᠦᠷᠦᠯ ᠲᠡᠮᠳᠡᠭ ᠤᠨ ᠰᠢᠯᠢᠳᠡᠭ ᠵᠢᠱᠢᠶ᠎ᠡ ᠪᠠᠷ ᠰᠣᠩᠭᠤᠭᠳᠠᠪᠠ᠃ ᠮᠠ ᠢ | ᠪᠦᠯᠦᠭᠯᠡᠯ ᠤᠨ ᠵᠠᠭᠤᠨ ᠰᠢᠶᠠᠨ ᠵᠠᠭᠤᠨ ᠲᠥᠷᠥᠯ ᠵᠦᠢᠯ ᠤᠨ ᠲᠠᠷᠢᠶᠠᠯᠠᠩ ᠢ ᠳᠤᠰᠠᠯᠠᠬᠤ ᠠᠵᠢᠯᠯᠠᠭ᠎ᠠ ᠳᠤᠮᠳᠠᠳᠤ | ᠬᠤᠰᠢᠭᠤᠨ ᠳᠤ ᠰᠠᠭᠤᠷᠢᠰᠢᠪᠠ᠃ | ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠢ ᠶᠢ ᠴᠢᠬᠤᠯᠠᠴᠢᠯᠠᠵᠤ᠂ | ᠦᠬᠡᠷ ᠤᠨ ᠦᠢᠯᠡᠰ ᠢ ᠬᠦᠭᠵᠢᠬᠦᠯᠵᠤ᠂ ᠵᠢᠭᠤᠯᠴᠢᠯᠠᠯ ᠰᠤᠶᠤᠯ ᠢ ᠠᠬᠢᠭᠤᠯᠬᠤ — ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠣᠨᠳᠣᠣᠰᠢᠭᠤᠯᠤᠭᠰᠠᠨ ᠬᠡᠷᠡᠭ ᠤᠨ | ᠵᠢᠱᠢᠶ᠎ᠡ ᠠᠮᠢ ᠠᠬᠤᠢ ᠣᠷᠴᠢᠨ ᠲᠣᠭᠤᠷᠢᠨ ᠤ ᠶᠠᠮᠤᠨ ᠤ 2024 ᠣᠨ ᠤ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭᠠᠨ ᠤ ᠦᠢᠯᠡᠳᠦᠯᠭᠡ ᠶᠢᠨ ᠵᠢᠱᠢᠶ᠎ᠡ ᠬᠥᠮᠥᠷᠭᠡ ᠳᠤ ᠣᠷᠣᠵᠤ᠂ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠠᠵᠢᠯ ᠢᠶᠠᠷ ᠲᠡᠳᠬᠦᠮᠵᠢ ᠶᠢ ᠣᠷᠣᠯᠠᠭᠤᠯᠬᠤ ᠵᠠᠭᠪᠤᠷ ᠢᠶᠠᠷ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ ᠪᠦᠬᠦ ᠠᠶᠢᠮᠠᠭ ᠲᠤ ᠬᠤᠷᠴᠢᠨ ᠤ | ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠡᠩ ᠲᠡᠷᠢᠭᠦᠨ ᠳᠤ ᠡᠬᠢᠯᠡᠭᠦᠯᠵᠦ᠂ ︽123457︾ ᠵᠠᠰᠠᠬᠤ | ᠲᠥᠰᠦᠯ ᠢ ᠲᠣᠭᠲᠠᠭᠠᠵᠤ᠂ ︽ᠡᠯᠡᠰᠦᠷᠬᠡᠭ ᠭᠠᠵᠠᠷ ᠢ ᠤᠰᠠᠳᠬᠠᠬᠤ᠂ ᠨᠢᠴᠦᠭᠦᠨ ᠡᠯᠡᠰᠦ ᠬᠤᠵᠢᠷᠯᠢᠭ ᠢ ᠵᠠᠰᠠᠬᠤ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ ︾ ᠭᠤᠷᠪᠠᠨ ᠵᠦᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ 5. | 9 ᠲᠦᠮᠡᠨ ᠮᠦ ᠨᠢᠴᠦᠭᠦᠨ ᠡᠯᠡᠰᠦᠷᠬᠡᠭ ᠭᠠᠵᠠᠷ ᠢ ᠤᠰᠠᠳᠬᠠᠵᠤ᠂ ᠪᠦᠬᠦ ᠠᠶᠢᠮᠠᠭ ᠤᠨ ᠪᠦᠬᠦ ᠣᠷᠣᠨ | ᠪᠦᠰᠡ ᠪᠠᠷ ᠢᠶᠠᠨ ︽ᠨᠣᠭᠤᠭᠠᠷᠠᠭᠤᠯᠤᠯᠲᠠ ᠳᠤᠮᠳᠠ ᠬᠤᠪᠬᠠᠢ ᠡᠯᠡᠰᠦ ᠪᠠᠶᠢᠬᠤ ᠦᠬᠡᠢ︾ ᠶᠢ ᠪᠡᠶᠡᠯᠡᠭᠦᠯᠪᠡ᠃ 11. | 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ 12 ᠬᠡᠷᠡᠭᠵᠢᠭᠦᠯᠵᠦ᠂ ᠵᠠᠰᠠᠭᠰᠠᠨ ᠲᠠᠯᠠᠪᠠᠢ ᠨᠢ 102 ᠲᠦᠮᠡᠨ ᠮᠦ ᠪᠠᠶᠢᠵᠤ᠂ ᠢᠳᠡᠭᠳᠡᠮᠡᠯ ᠭᠤᠤ ᠶᠢ | 295 ᠵᠠᠰᠠᠵᠤ᠂ ᠡᠵᠡᠨ ᠦᠭᠡᠢ ᠠᠭᠤᠷᠬᠠᠢ ᠶᠢᠨ ᠨᠦᠬᠡ ᠶᠢ 41 ᠰᠠᠤᠷᠢ ᠵᠠᠰᠠᠪᠠ᠃ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠵᠡᠭᠦᠨ ᠬᠤᠶᠢᠲᠤ ᠶᠢᠨ ᠭᠠᠵᠠᠷ ᠵᠦᠢ ᠶᠢᠨ ᠰᠠᠯᠪᠦᠷᠢ ᠲᠠᠢ ᠬᠠᠮᠲᠤᠷᠠᠨ ᠬᠤᠵᠢᠷᠯᠢᠭ ᠭᠠᠵᠠᠷ ᠢ ᠵᠠᠰᠠᠬᠤ | ᠳᠤᠷᠰᠢᠯᠳᠠ ᠶᠢᠨ ᠰᠠᠭᠤᠷᠢᠨ ᠢ ᠪᠠᠶᠢᠭᠤᠯᠪᠠ᠃ ︽ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ | ᠨᠠᠶᠢᠳᠠᠪᠤᠷᠢᠵᠢᠭᠤᠯᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠪᠣᠳᠠᠲᠠᠢ | ᠠᠳᠬᠤᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠦᠭᠦᠯᠵᠦ᠂ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠣᠷ ᠥᠬᠡᠶᠢᠳᠡᠭᠦᠯᠦᠨ ᠰᠢᠢᠳᠪᠦᠷᠢᠯᠡᠬᠦ | ᠨᠣᠷᠮ᠎ᠠ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 100% ᠳᠤ ᠬᠦᠷᠭᠡᠪᠡ᠃ | ᠨᠢᠭᠡ ᠵᠢᠯ ᠤᠨ ᠲᠤᠷᠰᠢ᠂ ᠪᠢᠳᠡ ᠬᠦᠴᠢᠷ ᠠᠰᠠᠭᠤᠳᠠᠯ ᠢ ᠡᠷᠡᠰ ᠭᠤᠶᠢᠪᠢᠰᠢ ᠦᠭᠡᠢ ᠰᠢᠢᠳᠪᠦᠷᠢᠯᠡᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠡᠳᠦᠷ ᠢᠷᠡᠬᠦᠶ᠎ᠡ ᠨᠡᠮᠡᠭᠳᠡᠪᠡ | ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠨᠡᠩ ᠬᠦᠴᠦᠲᠡᠢ ᠪᠣᠯᠭᠠᠪᠠ᠃ ᠠᠷᠠᠳ ᠤᠨ ᠠᠮᠢᠳᠤᠷᠠᠯ ᠳᠤ | 35 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ | 80% ᠶᠢ ᠡᠵᠡᠯᠡᠪᠡ᠃ ᠬᠤᠲᠠ ᠪᠠᠯᠭᠠᠰᠤᠨ ᠤ 1321 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠶᠡᠭᠡ | ᠳᠡᠭᠡᠳᠦ ᠰᠤᠷᠭᠠᠭᠤᠯᠢ ᠠᠴᠠ ᠲᠡᠭᠦᠰᠦᠭᠰᠡᠨ 519 ᠬᠥᠮᠦᠨ ᠳᠤ ᠠᠵᠢᠯ ᠣᠯᠭᠤᠵᠤ᠂ ᠵᠠᠰᠠᠭ ᠵᠠᠬᠢᠷᠭᠠᠨ ᠠᠵᠢᠯ | ᠦᠢᠯᠡᠰ ᠤᠨ ᠣᠷᠣᠨ ᠲᠤᠭ᠎ᠠ 319 ᠬᠥᠮᠦᠨ ᠡᠯᠰᠡᠵᠦ᠂ ᠮᠠᠯᠴᠢᠨ ᠲᠠᠷᠢᠶᠠᠴᠢᠨ ᠢ 1.7 ᠲᠦᠮᠡᠨ ᠬᠥᠮᠦᠨ ᠤᠳᠠᠭ᠎ᠠ | ᠰᠢᠯᠵᠢᠭᠦᠯᠦᠨ ᠠᠵᠢᠯ ᠣᠯᠭᠤᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ 98% ᠠᠴᠠ ᠳᠡᠭᠡᠭᠰᠢ ᠳᠤ ᠬᠦᠷᠪᠡ᠃ ᠨᠠᠰᠤᠵᠢᠯ ᠤᠨ | ᠦᠢᠯᠡᠴᠢᠯᠡᠭᠡᠨ ᠤ ᠲᠥᠪ ︵ᠥᠷᠲᠡᠭᠡ︶ ᠢ 15 ᠥᠭᠡᠷᠡᠴᠢᠯᠡᠨ ᠰᠠᠶᠢᠵᠢᠷᠠᠭᠤᠯᠵᠤ᠂ ᠵᠣᠯ ᠵᠢᠷᠭᠠᠯᠲᠤ ᠬᠤᠭᠤᠯᠠᠨ ᠭᠡᠷ | 17᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ 2 ᠨᠡᠮᠡᠭᠳᠡᠭᠦᠯᠪᠡ᠃ | ᠨᠡᠶᠢᠭᠡᠮ ᠤᠨ ᠦᠢᠯᠡᠰ ᠲᠦᠷᠭᠡᠨ ᠬᠥᠭᠵᠢᠪᠡ᠃ ᠰᠤᠷᠭᠠᠨ ᠬᠥᠮᠦᠵᠢᠯ ᠤᠨ ᠠᠵᠢᠯ ᠢ ᠲᠠᠰᠤᠷᠠᠯᠲᠠ ᠦᠭᠡᠢ | ᠴᠢᠩᠭᠠᠳᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠤᠢ ᠪᠤᠯᠭᠠᠪᠠ᠃ 1.14 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 10 ᠬᠡᠷᠡᠭᠵᠢᠭᠦᠯᠵᠦ᠂ | ᠰᠤᠷᠭᠠᠭᠤᠯᠢ ᠡᠷᠬᠢᠯᠡᠬᠦ ᠨᠥᠬᠦᠴᠡᠯ ᠦᠷᠭᠦᠯᠵᠢᠯᠡᠨ ᠰᠠᠶᠢᠵᠢᠷᠠᠪᠠ᠃ ᠣᠯᠠᠨ ᠬᠠᠤᠯᠢ ᠶᠢᠨ ᠡᠷᠬᠡᠲᠡᠨ ᠤ ᠬᠤᠯᠪᠣᠭᠠᠲᠤ | ᠴᠣᠭᠴᠠ ᠶᠢᠨ ᠰᠤᠷᠭᠠᠨ ᠬᠥᠮᠦᠵᠢᠯ ᠤᠨ ᠪᠦᠯᠦᠭᠯᠡᠯ ︵ᠬᠤᠯᠪᠣᠭ᠎ᠠ︶ ᠢ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠶᠢ ᠨᠡᠶᠢᠳᠡᠮ ᠪᠦᠷᠬᠦᠭᠦᠯᠬᠦ ᠶᠢ | ᠪᠡᠶᠡᠯᠡᠬᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠠᠶᠢᠭᠤᠯᠤᠯᠲᠠ ᠶᠢ | ᠪᠡᠶᠡᠯᠡᠭᠦᠯᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠲᠡᠨ ᠢ ᠠᠪᠤᠷᠠᠨ ᠵᠠᠰᠠᠬᠤ ᠲᠠᠪᠤᠨ ᠶᠡᠭᠡ | ᠲᠥᠪ ᠤᠨ ᠶᠡᠷᠦᠩᠬᠡᠶᠢᠯᠡᠭᠰᠡᠨ ᠠᠰᠠᠷ᠂ ᠬᠥᠨᠳᠡᠯᠡᠨ ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠡᠮᠨᠡᠯᠭᠡ ᠶᠢᠨ | ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠳᠠᠬᠢ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ | ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ | ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠰᠢᠶ᠎ᠠ ᠪᠦᠬᠦ ᠣᠷᠣᠨ ᠤ | ᠠᠩᠬᠠᠳᠠᠭᠴᠢ ᠬᠤᠰᠢᠭᠤ ᠰᠢᠶᠠᠨ ᠤ ᠱᠠᠲᠤᠨ ᠤ ︽ᠭᠤᠷᠪᠠᠨ ᠳᠡᠰ ᠤᠨ ᠬᠥᠬᠡ ᠵᠡᠷᠭᠡ︾ ᠶᠢᠨ ᠮᠣᠩᠭᠤᠯ | ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠯᠤᠰ ᠤᠨ | ᠳᠡᠰ ᠤᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠰᠢᠯᠢᠳᠡᠭ ᠴᠡᠭ ᠢᠶᠠᠷ ᠦᠨᠡᠯᠡᠭᠳᠡᠪᠡ᠃ | ᠨᠡᠶᠢᠭᠡᠮ ᠤᠨ ᠶᠡᠭᠡ ᠲᠠᠯ᠎ᠠ ᠠᠮᠤᠷ ᠲᠣᠭᠲᠠᠭᠤᠨ ᠪᠤᠯᠪᠠ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠵᠥᠷᠢᠴᠡᠯ ᠤᠨ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠶᠠᠪᠤᠳᠠᠯ ᠢ 48 ᠠᠷᠢᠯᠭᠠᠪᠠ᠃ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠪᠦᠬᠦ ᠬᠤᠰᠢᠭᠤᠨ ᠤ | ᠡᠷᠡᠭᠦᠦ ᠶᠢᠨ ᠬᠡᠷᠡᠭ ᠤᠨ ᠲᠤᠭ᠎ᠠ ᠬᠡᠮᠵᠢᠶ᠎ᠡ ᠶᠢ 15% ᠪᠠᠷ ᠪᠠᠭᠤᠷᠠᠭᠤᠯᠪᠠ᠃ ︽ᠳᠥᠷᠪᠡᠨ ᠬᠠᠮᠤᠭ ᠤᠨ ᠴᠢᠩᠭ᠎ᠠ︾ | ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠪᠠᠶᠢᠴᠠᠭᠠᠨ | ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠶᠢ 97% ᠠᠴᠠ ᠳᠡᠭᠡᠭᠰᠢ ᠳᠤ ᠬᠦᠷᠭᠡᠪᠡ᠃ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠮᠤᠷ ᠲᠦᠪᠰᠢᠨ ᠤ ᠠᠳᠠᠯ ᠭᠠᠷᠤᠭᠰᠠᠨ | ᠦᠭᠡᠢ᠃ | ᠨᠢᠭᠡ ᠵᠢᠯ ᠤᠨ ᠲᠤᠷᠰᠢ᠂ ᠪᠢᠳᠡ ᠰᠤᠷᠲᠠᠯ ᠢᠶᠠᠨ ᠬᠤᠪᠢᠷᠠᠭᠤᠯᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠪᠠᠶᠢᠭᠤᠯᠤᠯᠲᠠ ᠴᠢᠩᠭᠠᠷᠠᠪᠠ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠶᠢᠨ | ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠴᠠᠭᠳᠠᠨ ᠪᠠᠶᠢᠴᠠᠭᠠᠬᠤ᠂ ᠱᠠᠯᠠᠪᠳᠠᠭᠤᠯᠤᠨ | ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ᠂ ᠬᠢᠨᠠᠨ ᠪᠣᠳᠣᠵᠤ ᠬᠢᠨᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ 20 ᠵᠤᠷᠪᠤᠰ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ 103 ᠬᠤᠪᠢ ᠭᠦᠢᠴᠡᠳᠬᠡᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠬᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠨᠡᠶᠢᠭᠡᠮ ᠤᠨ ᠠᠵᠢᠯ᠂ ᠭᠠᠵᠠᠷ ᠬᠥᠳᠡᠯᠦᠯᠲᠡ᠂ ᠴᠠᠭ ᠠᠭᠤᠷ᠂ | ᠳᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠨᠠᠰᠤᠲᠠᠶᠢᠴᠤᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ | ᠳᠡᠭᠲᠡᠷ ᠲᠤ ᠭᠠᠷᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ | ᠢᠷᠡᠭᠰᠡᠨ ᠶᠤᠮ᠂ ᠡᠨᠡ ᠪᠣᠯ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢ ᠬᠠᠮᠤᠷᠴᠤ᠂ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠶᠣᠰᠣᠭᠠᠷ ᠬᠢᠨᠠᠯᠲᠠ ᠲᠠᠯᠪᠢᠭᠰᠠᠨ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ | ᠳᠡᠮᠵᠢᠯᠭᠡ ᠶᠢᠨ ᠦᠷ᠎ᠡ ᠳ᠋ᠦᠩ ᠮᠥᠨ᠂ ᠪᠠᠰᠠ ᠴᠤ ᠲᠥᠪ ᠤᠨ ᠤᠬᠠᠭᠤᠯᠬᠤ ᠬᠡᠯᠲᠡᠰ᠂ ᠪᠡᠭᠡᠵᠢᠩ ᠬᠤᠲᠠ ᠶᠢᠨ ᠬᠠᠢ | ᠳ᠋ᠢᠶᠠᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠪᠦᠬᠦ ᠬᠦᠴᠦᠨ ᠢᠶᠠᠷ ᠢᠶᠠᠨ | ᠬᠠᠪᠰᠤᠷᠤᠨ ᠲᠡᠳᠬᠦᠭᠰᠡᠨ ᠤ ᠦᠷ᠎ᠡ ᠳ᠋ᠦᠩ ᠮᠥᠨ᠂ ᠨᠡᠩ ᠴᠤ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠬᠠᠮᠲᠤ᠂ ᠬᠥᠭᠵᠢᠯᠲᠡ ᠶᠢᠨ ᠳᠤᠮᠳᠠ ᠪᠠᠰᠠ ᠮᠠᠰᠢ ᠣᠯᠠᠨ ᠬᠦᠴᠢᠷᠳᠡᠯ | ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ᠃ ᠭᠤᠣᠯᠳᠠᠭᠤ ᠠᠵᠤ | ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ ᠪᠠᠶᠢᠵᠤ᠂ ᠠᠵᠤ ᠦᠢᠯᠡᠰ ᠤᠨ ᠪᠦᠲᠦᠴᠡ ᠳᠠᠩ ᠴᠤᠯᠭᠤᠢ ᠪᠠᠶᠢᠨ᠎ᠠ︔ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠪᠤᠶᠢᠵᠢᠭᠤᠯᠤᠯᠲᠠ ᠬᠦᠷᠦᠯᠴᠡᠬᠦ ᠦᠭᠡᠢ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠨ᠎ᠠ︔ ᠰᠠᠭᠤᠷᠢ ᠲᠥᠬᠦᠭᠡᠷᠦᠮᠵᠢ ᠶᠢ ᠪᠠᠰᠠ | ᠲᠡᠭᠦᠯᠳᠡᠷᠵᠢᠭᠦᠯᠬᠦ ᠴᠢᠬᠤᠯᠠᠲᠠᠢ︔ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠰᠠ ᠬᠦᠷᠦᠯᠴᠡᠬᠦ ᠦᠭᠡᠢ ᠪᠠᠶᠢᠨ᠎ᠠ︔ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠᠲᠠᠢ ᠪᠠᠶᠢᠵᠤ᠂ ︽ᠤᠳᠠᠭᠠᠨ᠂ | ᠪᠦᠳᠦᠭᠦᠯᠢᠭ᠂ ᠬᠠᠭᠤᠷᠮᠠᠴᠢ︾ ᠦᠵᠡᠭᠳᠡᠯ ᠮᠥᠨ ᠬᠦ ᠣᠷᠣᠰᠢᠵᠤ ᠪᠠᠶᠢᠨ᠎ᠠ᠃ ᠡᠭᠦᠨ ᠢ ᠪᠢᠳᠡ ᠬᠢᠨᠠᠮᠠᠭᠠᠢ ᠰᠤᠳᠤᠯᠤᠨ | ᠰᠢᠢᠳᠪᠦᠷᠢᠯᠡᠨ᠎ᠡ᠃ |