ᠵᠧᠩ ᠵᠢᠶᠠᠨ ᠪᠠᠩ ᠪᠦᠯᠬᠦᠮ ᠳᠠᠭᠠᠭᠤᠯᠤᠨ ᠱᠠᠨ ᠰᠢ ᠥᠪᠥᠷ ᠮᠣᠩᠭᠤᠯ ᠬᠤᠶᠠᠷ ᠭᠠᠵᠠᠷ ᠲᠤ ᠪᠠᠶᠢᠴᠠᠭᠠᠨ ᠰᠤᠳᠤᠯᠪᠠ — ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2025/3/25
   ᠰᠦᠨ ᠱᠣᠣ ᠴᠧᠩ ᠸᠠᠩ ᠯᠢ ᠰᠢᠶᠠ ᠪᠠᠷᠠᠳᠠᠨ ᠠᠭᠤᠯᠵᠠᠵᠠᠢ   3 ᠰᠠᠷ᠎ᠠ ᠶᠢᠨ 17 ᠠᠴᠠ 21 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ ᠪᠦᠯᠬᠦᠮ ᠳᠠᠭᠠᠭᠤᠯᠤᠨ ᠱᠠᠨ ᠰᠢ᠂ ᠥᠪᠥᠷ ᠮᠣᠩᠭᠤᠯ ᠳᠤ ︽ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ︾ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠥᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠯᠢᠦ ᠵᠢᠶ ᠵᠧᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠤ ᠬᠤᠪᠢ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠲᠢᠶᠠᠨ ᠬᠤᠩ ᠴᠢ᠂ ᠡᠸᠤ ᠶᠠᠩ ᠽᠤ᠋ ᠬᠤᠸᠠ᠂ ᠴᠧᠨ ᠰᠢᠩ ᠵᠢᠩ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠨ ᠶᠢᠨ ᠰᠥᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠤᠯᠪᠣᠭ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠰᠬᠠᠶ ᠲᠤᠰᠢᠶᠠᠯᠲᠤ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠱᠤ᠋ ᠰᠢᠶᠠᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠱᠠᠨ ᠰᠢ ᠮᠤᠵᠢ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠵᠠᠩ ᠹᠦ᠋ ᠮᠢᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠼᠤᠤ ᠶᠢᠨ ᠱᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   ᠡᠨᠧᠷᠭᠢ ᠶᠢᠨ ᠠᠮᠤᠷ ᠲᠦᠪᠰᠢᠨ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠮᠥᠨ᠂ ᠤᠯᠤᠰ ᠤᠨ ᠬᠥᠭᠵᠢᠯ ᠴᠡᠴᠡᠭᠯᠡᠯ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠳᠤ ᠲᠦᠢᠯ ᠤᠨ ᠴᠢᠬᠤᠯᠠ ᠪᠠᠶᠢᠳᠠᠭ᠃ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ ᠪᠣᠯ ᠢᠷᠡᠭᠡᠳᠦᠢ ᠶᠢᠨ ᠬᠥᠭᠵᠢᠯᠲᠡ ᠶᠢᠨ ︽ᠠᠮᠢᠨ ᠰᠤᠳᠠᠰᠤ︾ ᠮᠥᠨ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ︽ᠵᠠᠩᠭᠢᠯᠠᠭ᠎ᠠ︾ ᠮᠥᠨ᠃ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲᠤᠮ ᠢ ᠪᠠᠶᠢᠭᠤᠯᠬᠤ ᠵᠠᠩᠭᠢᠯᠠᠭ᠎ᠠ ᠶᠢᠨ ᠠᠰᠠᠭᠤᠳᠠᠯ ᠢ ᠰᠤᠳᠤᠯᠤᠨ ᠵᠠᠳᠠᠯᠵᠤ᠂ ᠡᠨᠧᠷᠭᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠰᠡᠷᠭᠡᠶᠢᠯᠡᠨ ᠠᠷᠢᠯᠭᠠᠵᠤ᠂ ᠡᠨᠧᠷᠭᠢ ᠶᠢᠨ ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠬᠤ ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠪᠡ᠃   ᠥᠪᠥᠷ ᠮᠣᠩᠭᠤᠯ ᠳᠤ ᠪᠠᠶᠢᠴᠠᠭᠠᠨ ᠰᠤᠳᠤᠯᠤᠬᠰᠠᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠲᠠᠢ ᠪᠠᠷᠠᠳᠠᠨ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠯᠢ ᠰᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠳ᠋ᠤᠸᠠᠨ ᡁᠢ ᠴᠢᠶᠠᠩ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠵᠠᠶ᠃20 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠬᠥᠬᠡᠬᠤᠲᠠ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠸᠠᠩ ᠯᠢ ᠰᠢᠶᠠ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠥᠲᠥᠭᠡᠨ ᠪᠠᠶᠢᠭᠤᠯᠤᠭᠰᠠᠨ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠲᠤᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃   ᠵᠧᠩ ᠵᠢᠶᠠᠨ ᠪᠠᠩ᠂ ᠤᠢᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠤᠬᠳᠠᠭᠠᠵᠤ ᠦᠭᠬᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠲᠠᠯ᠎ᠠ ᠪᠠᠷ ᠲᠦᠷᠭᠡᠨ ᠲᠠᠪᠰᠢᠯᠳᠠ ᠲᠠᠢ ᠪᠣᠯᠵᠠᠢ᠃ ︽ᠲᠠᠪᠤᠨ ᠶᠡᠭᠡ ᠡᠭᠦᠷᠭᠡ︾ ᠢᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤᠮᠳᠠ᠂ ᠥᠭᠡᠷᠡᠴᠢᠯᠡᠯᠲᠡ ᠬᠢᠬᠦ᠂ ᠰᠢᠨ᠎ᠡ ᠶᠢ ᠡᠭᠦᠳᠬᠦ᠂ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠡᠷᠢᠯᠬᠢᠯᠡᠵᠦ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠠᠢ ᠭᠡᠵᠤ ᠢᠯᠡᠳᠭᠡᠪᠡ᠃ ᠲᠡᠷᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠡᠦᠬᠡ ᠶᠢᠨ ᠪᠠᠶᠢᠷᠢᠰᠢᠯ ᠳᠤᠮᠳᠠ ᠵᠣᠭᠰᠣᠵᠤ ᠮᠠᠨ ᠤ ᠤᠯᠤᠰ ᠤᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲᠤᠮ ᠤᠨ ᠪᠠᠶᠢᠭᠤᠯᠤᠯᠲᠠ ᠶᠢ ᠲᠠᠨᠢᠬᠤ ᠪᠠ ᠰᠤᠳᠤᠯᠵᠤ᠂ ᠰᠶᠢᠳᠪᠤᠷᠢᠯᠡᠨ ᠠᠬᠢᠭᠤᠯᠵᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ ᠪᠠᠶᠢᠭ᠎ᠠ ᠪᠠ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠭᠦᠨᠵᠡᠭᠡᠶᠢᠷᠡᠨ ᠬᠥᠭᠵᠢᠬᠦ ᠬᠠᠷᠢᠯᠴᠠᠨ ᠰᠣᠯᠪᠢᠴᠠᠭᠰᠠᠨ ᠴᠠᠭ ᠦᠶ᠎ᠡ ᠶᠢᠨ ᠠᠬᠤᠢ ᠪᠠᠶᠢᠳᠠᠯ ᠳᠤᠮᠳᠠ ᠵᠣᠭᠰᠣᠵᠤ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠪᠡᠯ ᠵᠤᠬᠢᠨ᠎ᠠ︔ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ᠂ ᠴᠢᠬᠤᠯᠠ ᠶᠡᠭᠡ ᠠᠵᠤ ᠦᠢᠯᠡᠰ ᠤᠨ ᠪᠠᠶᠢᠷᠢᠰᠢᠭᠤᠯᠤᠯᠲᠠ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠵᠡᠷᠭᠡ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ ᠳᠤᠮᠳᠠᠬᠢ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠴᠡᠭ ᠢ ᠰᠤᠳᠤᠯᠤᠨ ᠵᠠᠳᠠᠯᠵᠤ᠂ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠨ ᠵᠢᠭᠰᠠᠭᠠᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠨ ᠭᠠᠷᠭᠠᠵᠤ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠶ᠃ ᠤᠯᠤᠰ ᠤᠨ ᠪᠠᠶᠢᠯᠳᠤᠬᠤ ᠪᠣᠳᠣᠯᠭ᠎ᠠ ᠪᠠ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠯᠤᠭ᠎ᠠ ᠤᠶᠠᠯᠳᠤᠭᠤᠯᠤᠨ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠴᠢᠨᠠᠷ ᠰᠠᠶᠢᠲᠠᠢ ᠰᠠᠨᠠᠭᠤᠯᠭ᠎ᠠ ᠳᠤᠷᠠᠳᠬᠤ ᠬᠡᠷᠡᠭᠲᠡᠢ ᠭᠡᠵᠤ ᠴᠢᠬᠤᠯᠠᠴᠢᠯᠠᠪᠠ᠃   ᠤᠯᠤᠰ ᠤᠨ ᠡᠨᠧᠷᠭᠢ ᠶᠢᠨ ᠲᠣᠪᠴᠢᠶ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠴᠠᠭᠠᠨ ᠰᠤᠳᠤᠯᠬᠤ ᠬᠡᠯᠲᠡᠰ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠤᠯᠪᠣᠭ᠎ᠠ᠂ ᠴᠢᠩᠬᠤᠸᠠ ᠶᠡᠭᠡ ᠰᠤᠷᠭᠠᠭᠤᠯᠢ᠂ ᠰᠤᠴᠤᠸᠠᠨ ᠶᠡᠭᠡ ᠰᠤᠷᠭᠠᠭᠤᠯᠢ᠂ ᠤᠮᠠᠷᠠᠲᠤ ᠶᠢᠨ ᠴᠠᠬᠢᠯᠭᠠᠨ ᠬᠦᠴᠦᠨ ᠤ ᠶᠡᠭᠡ ᠰᠤᠷᠭᠠᠭᠤᠯᠢ ᠵᠡᠷᠭᠡ ᠨᠢᠭᠡᠴᠢ ᠶᠢᠨ ᠬᠤᠯᠪᠣᠭᠳᠠᠯ ᠪᠥᠬᠦᠶ ᠨᠥᠬᠦᠳ ᠪᠣᠯᠤᠨ ᠲᠤᠰᠬᠠᠶ ᠮᠡᠷᠭᠡᠵᠢᠯᠲᠡᠨ ᠪᠠᠶᠢᠴᠠᠭᠠᠨ ᠰᠤᠳᠤᠯᠬᠤ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号