ᠣᠶᠢᠷ᠎ᠠ ᠶᠢᠨ ᠵᠢᠯ ᠠᠴᠠ᠂ ᠪᠠᠶᠠᠨᠨᠠᠭᠤᠷ ᠰᠤᠮᠤ ᠠᠯᠢ ᠣᠯᠠᠨ ᠲᠡᠳᠬᠦᠬᠦ ᠲᠥᠷᠥ ᠶᠢᠨ ᠪᠣᠳᠣᠯᠭ᠎ᠠ ᠪᠠᠷ | ᠳᠠᠮᠵᠢᠭᠤᠯᠵᠤ᠂ ᠪᠡᠯᠡ ᠮᠥᠩᠭᠦ ᠶᠢᠨ ᠨᠥᠬᠦᠪᠥᠷᠢ᠂ ᠮᠡᠷᠭᠡᠵᠢᠯ ᠤᠨ ᠪᠣᠯᠪᠠᠰᠤᠷᠠᠯ ᠠᠴᠠ ᠵᠠᠬ᠎ᠠ ᠳᠡᠯᠭᠡᠭᠦᠷ ᠤᠨ | ᠪᠣᠷᠣᠯᠠᠭᠤᠯᠤᠯᠲᠠ ᠳᠤ ᠬᠦᠷᠴᠦ᠂ ᠲᠠᠷᠢᠶᠠᠴᠢᠨ ᠡᠷᠦᠬᠡ ᠶᠢᠨ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠳᠤ ᠪᠦᠬᠦ | ᠲᠠᠯ᠎ᠠ ᠪᠠᠷ ᠳᠡᠮᠵᠢᠯᠭᠡ ᠬᠠᠩᠭᠠᠪᠠ᠃ 2023 ᠣᠨ ᠠᠴᠠ ᠨᠠᠰᠢ᠂ ᠪᠠᠶᠠᠨᠨᠠᠭᠤᠷ ᠰᠤᠮᠤ ᠭᠠᠴᠠᠭ᠎ᠠ ᠳᠤ ᠬᠤᠯᠪᠣᠭᠠᠯᠠᠨ | ︽ᠨᠠᠮ ᠤᠨ ᠡᠭᠦᠷ ᠠᠵᠤ ᠠᠬᠤᠶᠢᠯᠠᠯ ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠨ ᠭᠠᠵᠠᠷ ᠤᠨ ᠬᠠᠮᠢᠶᠠᠷᠤᠯᠲᠠ᠂ | ᠬᠤᠳᠠᠯᠳᠤᠨ ᠠᠪᠴᠤ ᠨᠥᠭᠡᠴᠡᠯᠡᠬᠦ ᠪᠣᠷᠣᠯᠠᠭᠤᠯᠭ᠎ᠠ ᠶᠢᠨ ᠪᠦᠬᠦ ᠶᠠᠪᠤᠴᠠ ᠶᠢᠨ ᠦᠢᠯᠡᠴᠢᠯᠡᠭᠡᠨ ᠤ ᠬᠡᠯᠬᠢᠶ᠎ᠡ ᠶᠢ | ᠠᠬᠢᠭᠤᠯᠵᠤ᠂ ᠱᠠᠩᠨᠠᠵᠤ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠬᠥᠳᠡᠯᠮᠦᠷᠢᠯᠡᠬᠦ ᠴᠢᠳᠠᠪᠤᠷᠢ ᠦᠭᠡᠢ᠂ | ᠬᠥᠳᠡᠯᠮᠦᠷᠢᠯᠡᠬᠦ ᠴᠢᠳᠠᠪᠤᠷᠢ ᠪᠠᠷ ᠪᠠᠭᠤᠷᠠᠢ ᠲᠠᠷᠢᠶᠠᠴᠢᠨ ᠡᠷᠦᠬᠡ ᠶᠢ ᠳᠡᠮᠵᠢᠵᠦ ᠬᠦᠷᠢᠶᠡᠨ ᠤ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠪᠠ᠃ ᠭᠠᠴᠠᠭ᠎ᠠ ᠲᠠᠢ ᠬᠤᠯᠪᠣᠭᠠᠯᠠᠨ ᠯᠠᠵᠤᠤ ᠲᠠᠷᠢᠬᠤ ᠶᠢ | ᠠᠯᠬᠤᠮ ᠠᠯᠬᠤᠮ ᠢᠶᠠᠷ ᠠᠬᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠠᠷᠠᠳ ᠣᠯᠠᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ︽ᠠᠯᠲᠠᠨ ᠲᠦᠯᠬᠢᠭᠦᠷ︾ ᠪᠣᠯᠭᠠᠪᠠ᠃ | ᠣᠶᠢᠷ᠎ᠠ ᠳᠤ᠂ ᠪᠠᠶᠠᠨᠨᠠᠭᠤᠷ ᠰᠤᠮᠤ ᠶᠢᠨ ᠪᠠᠶᠠᠨᠲᠠᠯ᠎ᠠ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠨᠠᠭᠠᠰᠢ ᠴᠠᠭᠠᠰᠢ ᠰᠦᠯᠵᠢᠯᠳᠦᠵᠦ᠂ ᠲᠣᠰᠬᠤᠨ ᠤ ᠠᠷᠠᠳ ᠶᠠᠭ ᠬᠦᠷᠢᠶᠡᠨ ᠤ ᠲᠠᠷᠢᠮᠠᠯ ᠤᠨ ᠪᠣᠳᠠᠲᠠᠢ | ᠨᠠᠷᠢᠨ ᠵᠦᠢᠯᠡᠰ ᠢ ᠶᠠᠷᠢᠯᠴᠠᠵᠤ ᠪᠠᠶᠢᠨ᠎ᠠ᠂ ᠡᠨᠡ ᠵᠢᠯ ᠪᠠᠶᠠᠨᠲᠠᠯ᠎ᠠ ᠭᠠᠴᠠᠭᠠᠨ ᠤ 270 ᠭᠠᠷᠤᠢ ᠡᠷᠦᠬᠡ ᠬᠢᠩᠭᠠᠨ | ᠠᠶᠢᠮᠠᠭ ᠤᠨ ᠵᠢᠢ ᠰᠢᠶᠠᠩ ᠠᠢ ᠯᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠲᠠᠷᠢᠮᠠᠯ ᠤᠨ | ᠬᠡᠯᠡᠯᠴᠡᠭᠡᠷ ᠲᠣᠭᠲᠠᠵᠤ᠂ ᠲᠠᠷᠢᠮᠠᠯ ᠤᠨ ᠲᠠᠯᠠᠪᠠᠢ ᠨᠢ 860 ᠭᠠᠷᠤᠢ ᠮᠦ ᠪᠠᠶᠢᠨ᠎ᠠ᠃ ᠪᠠᠶᠠᠨᠨᠠᠭᠤᠷ ᠨᠢ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠥᠩᠭᠡᠷᠡᠭᠰᠡᠨ ᠤ ᠪᠠᠭ᠎ᠠ᠂ ᠲᠠᠷᠠᠬᠠᠢ᠂ ᠡᠮᠬᠢ ᠵᠠᠮᠪᠠᠷᠠᠭ᠎ᠠ ᠦᠭᠡᠢ᠂ | ᠣᠳᠣ ᠬᠡᠪᠴᠢᠶᠡᠵᠢᠬᠦ᠂ ᠵᠠᠬᠢᠶᠠᠯᠠᠬᠤ᠂ ᠨᠠᠷᠠᠲᠤ ᠲᠡᠮᠳᠡᠭᠵᠢᠭᠦᠯᠬᠦ᠂ ᠠᠵᠤ ᠦᠢᠯᠡᠰᠵᠢᠭᠦᠯᠬᠦ ᠬᠦᠷᠲᠡᠯ᠎ᠡ᠂ ᠬᠥᠲᠥᠯᠥᠨ | ᠵᠢᠯᠣᠭᠤᠳᠬᠤ᠂ ᠵᠢᠱᠢᠶ᠎ᠡ ᠦᠵᠡᠭᠦᠯᠬᠦ᠂ ᠶᠡᠬᠡᠰᠬᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠪᠠᠭ᠎ᠠ | ᠬᠡᠪᠴᠢᠶᠡᠨ ᠤ᠂ ᠲᠣᠮᠣ ᠬᠠᠮᠲᠤᠯᠢᠭ᠂ ᠵᠢᠵᠢᠭ ᠦᠢᠯᠡᠳᠬᠦᠨ᠂ ᠲᠤᠮᠦ ᠠᠵᠤ ᠦᠢᠯᠡᠰ ᠤᠨ ᠬᠦᠷᠢᠶ᠎ᠡ ᠬᠠᠰᠢᠶ᠎ᠠ ᠶᠢᠨ | ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠵᠤ᠂ ᠬᠤᠯᠪᠣᠭᠠᠲᠤ ᠭᠠᠴᠠᠭᠠᠨ ᠤ ᠤᠯᠠᠭᠠᠨ ᠯᠠᠵᠤᠤ᠂ | ᠳᠠᠬᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠪᠤᠷᠴᠠᠭ ᠬᠦᠷᠲᠡᠯ᠎ᠡ᠂ ᠪᠦᠬᠦ ᠲᠣᠰᠬᠤᠨ ᠢᠶᠠᠷ ᠢᠶᠠᠨ | ᠲᠠᠷᠢᠬᠤ ᠶᠢ ᠠᠬᠢᠭᠤᠯᠬᠤ᠂ ᠪᠦᠬᠦ ᠶᠠᠪᠤᠴᠠ ᠳᠤ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠵᠠᠬ᠎ᠠ ᠳᠡᠯᠭᠡᠭᠦᠷ ᠤᠨ ᠦᠨ᠎ᠡ | ᠬᠠᠩᠰᠢ ᠬᠤᠳᠠᠯᠳᠤᠨ ᠠᠪᠬᠤ ᠵᠡᠷᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠳᠠᠮᠵᠢᠭᠤᠯᠤᠨ᠂ ᠲᠣᠰᠬᠤᠨ ᠤ | ᠠᠷᠠᠳ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠪᠠ᠃ |