︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠬᠥᠭᠵᠢᠯᠲᠡ ᠶᠢᠨ ᠦᠢᠯᠡᠳᠦᠯᠭᠡ ᠳᠤ ᠭᠦᠨᠵᠡᠭᠡᠢ | ᠠᠭᠤᠰᠤᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠰᠢᠨᠠᠵᠠᠮ ᠰᠤᠮᠤ ᠡᠯ᠎ᠡ ᠭᠠᠴᠠᠭᠠᠨ ᠤ 30 ᠭᠠᠷᠤᠢ ᠲᠡᠵᠢᠭᠡᠨ | ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠲᠦᠴᠢᠦᠸᠠᠨ ᠰᠢᠶᠠᠨ ᠤ ᠰᠢᠶᠠᠩ ᠶᠠᠩ ᠨᠡᠶᠢᠭᠡᠮ ᠲᠣᠭᠤᠷᠢᠭ ᠤᠨ | ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠲᠤ ᠬᠦᠷᠴᠦ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ | ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ | ᠲᠡᠮᠡᠴᠡᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠪᠠ᠃ | | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠰᠢᠶᠠᠩ ᠶᠠᠩ ᠨᠡᠶᠢᠭᠡᠮ ᠲᠣᠭᠤᠷᠢᠭ ᠤᠨ ᠲᠡᠵᠢᠭᠡᠨ ᠦᠷᠡᠵᠢᠭᠦᠯᠬᠦ | ᠲᠤᠰᠬᠠᠢ ᠡᠷᠦᠬᠡ ᠶᠢᠨ ᠦᠬᠡᠷ ᠬᠤᠨᠢ ᠶᠢ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ᠂ ᠡᠭᠦᠯᠳᠡᠷ ᠰᠠᠶᠢᠵᠢᠷᠠᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ | ᠲᠤᠬᠠᠢ ᠶᠢᠨ ᠲᠠᠯᠠᠪᠠᠢ ᠳᠤ ᠬᠢᠴᠢᠶᠡᠯ ᠣᠷᠣᠵᠤ᠂ ︽ᠣᠨᠣᠯ ᠲᠠᠶᠢᠯᠪᠤᠷᠢᠯᠠᠵᠤ ᠪᠣᠳᠠᠲᠠᠢ ᠪᠣᠯᠪᠠᠰᠤᠷᠠᠬᠤ ᠦᠵᠡᠭᠦᠯᠭᠡ︾ | ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠣᠳᠣ | ᠦᠶ᠎ᠡ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠢ ᠡᠵᠡᠮᠰᠢᠭᠦᠯᠪᠡ᠃ ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ | ᠪᠠᠰᠠ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠭᠠᠷᠭᠠᠵᠤ᠂ ᠡᠯ᠎ᠡ ᠭᠠᠴᠠᠭᠠᠨ ᠤ | ᠲᠡᠵᠢᠭᠡᠨ ᠦᠷᠡᠵᠢᠭᠦᠯᠬᠦ ᠡᠷᠦᠬᠡ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠨᠢᠭᠡᠳ ᠨᠢᠭᠡ ᠪᠠᠷ ᠬᠠᠷᠢᠭᠤᠯᠲᠠ | ᠥᠭᠴᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠳᠠᠷᠠᠭᠠᠴᠢ ᠶᠢᠨ | ᠠᠯᠬᠤᠮ ᠳᠤ᠂ ᠰᠢᠨᠠᠵᠠᠮ ᠰᠤᠮᠤ ᠦᠨᠳᠦᠰᠦᠲᠡᠨ ᠤ ᠪᠦᠯᠬᠦᠮᠳᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ | ᠪᠣᠯᠤᠨ ᠦᠢᠯᠡᠰ ᠪᠤᠰᠬᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠡᠬᠢ | ᠪᠠᠶᠠᠯᠢᠭ ᠢ ᠴᠢᠨᠠᠭᠰᠢᠳᠠ ᠨᠡᠶᠢᠳᠬᠡᠵᠦ᠂ ᠪᠣᠯᠪᠠᠰᠤᠷᠠᠯ ᠤᠨ ᠠᠭᠤᠯᠭ᠎ᠠ ᠪᠣᠯᠤᠨ ᠬᠡᠯᠪᠡᠷᠢ ᠶᠢ ᠪᠠᠶᠠᠯᠢᠭᠵᠢᠭᠤᠯᠵᠤ᠂ | ᠣᠷᠣᠨ ᠨᠤᠲᠤᠭ ᠤᠨ ᠣᠨᠴᠠᠯᠢᠭ ᠲᠠᠢ ᠬᠥᠳᠡᠭᠡ ᠲᠣᠰᠬᠤᠨ ᠤ ᠠᠵᠤ ᠦᠢᠯᠡᠰ ᠤᠨ ᠲᠦᠷᠦᠯ ᠲᠡᠮᠳᠡᠭ ᠢ ᠡᠭᠦᠳᠴᠦ᠂ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠳᠠᠶᠢᠴᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ |