ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠤᠯᠠᠮ ᠨᠢᠭᠡ | ᠠᠯᠬᠤᠮ ᠪᠡᠶᠡᠯᠡᠭᠦᠯᠵᠦ᠂ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠨ᠂ ᠲᠠᠷᠢᠮᠠᠯ ᠤᠨ ᠦᠷ᠎ᠡ ᠠᠰᠢᠭ ᠢ | ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠵᠢᠴᠢ ᠡᠷᠳᠡᠨᠢ ᠰᠢᠰᠢ ᠶᠢ ᠨᠢᠭᠲᠠ | ᠲᠠᠷᠢᠬᠤ᠂ ᠭᠦᠶᠦᠭᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ | ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠪᠦᠬᠦ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ | ᠠᠵᠢᠯᠲᠠᠨ᠂ ᠡᠷᠳᠡᠨᠢ ᠰᠢᠰᠢ ᠲᠠᠷᠢᠬᠤ ᠠᠵᠢᠯ ᠢ ᠬᠢᠵᠦ ᠪᠠᠶᠢᠭ᠎ᠠ ᠲᠠᠷᠢᠶᠠᠴᠢᠨ ᠡᠷᠦᠬᠡ ᠲᠤᠬᠠᠢ ᠶᠢᠨ ᠲᠠᠯᠠᠪᠠᠢ ᠳᠤ | ᠰᠣᠨᠣᠰᠴᠤ᠂ ᠪᠦᠬᠦ ᠬᠤᠰᠢᠭᠤᠨ ᠤ 2025 ᠣᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ᠂ ᠶᠠᠰᠤ | ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠪᠣᠯᠪᠠᠰᠤᠷᠠᠯ ᠤᠨ ᠠᠩᠭᠢ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠠᠭᠤᠷ ᠠᠮᠢᠰᠬᠤᠯ ᠤᠨ ᠣᠨᠴᠠᠯᠢᠭ ᠲᠤ ᠴᠢᠭᠯᠡᠭᠦᠯᠦᠨ᠂ ᠡᠷᠳᠡᠨᠢ ᠰᠢᠰᠢ ᠲᠠᠷᠢᠬᠤ ᠦᠷ᠎ᠡ | ᠰᠣᠩᠭᠤᠬᠤ᠂ ᠪᠣᠷᠳᠣᠭᠤᠷ ᠣᠷᠣᠭᠤᠯᠬᠤ᠂ ᠤᠰᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ | ᠭᠦᠶᠦᠭᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠨᠢᠭᠲᠠ ᠲᠠᠷᠢᠬᠤ | ᠮᠡᠷᠭᠡᠵᠢᠯ ᠤᠨ ᠳᠠᠪᠠᠭᠤᠯᠢᠭ ᠪᠣᠯᠤᠨ ᠬᠡᠷᠡᠭᠯᠡᠭᠡᠨ ᠤ ᠠᠷᠭ᠎ᠠ ᠶᠢ ᠨᠠᠷᠢᠨ ᠲᠠᠶᠢᠯᠪᠤᠷᠢᠯᠠᠪᠠ᠃ ᠲᠤᠰ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠡᠷᠳᠡᠨᠢ ᠰᠢᠰᠢ ᠲᠠᠷᠢᠬᠤ ᠳᠤᠮᠳᠠ ᠪᠠᠶᠢᠩᠭᠤ ᠲᠣᠬᠢᠶᠠᠯᠳᠤᠳᠠᠭ ᠠᠰᠠᠭᠤᠳᠠᠯ | ᠵᠢᠴᠢ ᠰᠢᠢᠳᠪᠦᠷᠢᠯᠡᠬᠦ ᠲᠥᠰᠦᠯ ᠢ ᠬᠤᠪᠢᠶᠠᠯᠴᠠᠨ ᠡᠳ᠋ᠯᠡᠬᠦ ᠶᠢᠨ ᠬᠠᠮᠲᠤ ᠡᠷᠳᠡᠨᠢ ᠰᠢᠰᠢ ᠶᠢ ᠨᠢᠭᠲᠠ ᠲᠠᠷᠢᠬᠤ ᠲᠥᠷᠥᠯ | ᠵᠦᠢᠯ ᠢ ᠰᠣᠩᠭᠤᠬᠤ᠂ ᠲᠠᠷᠢᠶᠠᠴᠢᠨ ᠡᠷᠦᠬᠡ ᠳᠤ ᠪᠠᠶᠢᠩᠭᠤ ᠲᠣᠬᠢᠶᠠᠯᠳᠤᠳᠠᠭ ᠦᠷ᠎ᠡ ᠶᠢᠨ ᠬᠢᠮᠢ ᠶᠢᠨ ᠪᠣᠷᠳᠣᠭᠤᠷ ᠲᠤ | ᠵᠠᠳᠠᠯᠤᠯᠲᠠ ᠬᠢᠵᠦ᠂ ᠳᠤᠷᠠᠳᠤᠭᠰᠠᠨ ᠬᠦᠴᠢᠷ ᠲᠦᠪᠡᠭᠲᠡᠢ ᠠᠰᠠᠭᠤᠳᠠᠯ ᠳᠤ ᠬᠠᠷᠢᠭᠤᠯᠲᠠ ᠥᠭᠴᠦ᠂ ᠲᠠᠷᠢᠮᠠᠯ ᠤᠨ | ᠡᠷᠦᠬᠡ ᠳᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ | ᠫᠷᠤᠹᠧᠰᠰᠤᠷ ᠲᠠᠶᠢᠯᠪᠤᠷᠢᠯᠠᠬᠤ ᠪᠠᠷ ᠳᠠᠮᠵᠢᠨ᠂ ᠪᠢ ᠡᠷᠳᠡᠨᠢ ᠰᠢᠰᠢ ᠶᠢ ᠨᠢᠭᠲᠠ ᠲᠠᠷᠢᠵᠤ ᠤᠰᠤ ᠪᠣᠷᠳᠣᠭᠤᠷ ᠢ | ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠦᠨᠳᠦᠰᠦᠯᠡᠯ ᠪᠠ ᠵᠠᠩᠭᠢᠯᠠᠭ᠎ᠠ ᠶᠢᠨ | ᠭᠤᠭᠴᠤᠭ᠎ᠠ ᠶᠢ ᠡᠵᠡᠮᠰᠢᠪᠡ᠃ ᠡᠨᠡ ᠵᠢᠯ ᠡᠷᠳᠡᠨᠢ ᠰᠢᠰᠢ ᠲᠠᠷᠢᠬᠤ ᠳᠡᠭᠡᠷ᠎ᠡ᠂ ᠪᠢ ᠲᠠᠷᠢᠶᠠᠨ ᠭᠠᠵᠠᠷ ᠲᠤ ᠪᠦᠬᠦ | ᠲᠠᠯ᠎ᠠ ᠪᠠᠷ ᠬᠡᠷᠡᠭᠯᠡᠬᠦ ᠶᠢᠨ ᠬᠠᠮᠲᠤ ᠡᠨᠡ ᠵᠢᠯ ᠤᠨ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠵᠦ ᠣᠷᠣᠯᠭ᠎ᠠ ᠶᠢ | ᠨᠡᠮᠡᠭᠳᠡᠭᠦᠯᠬᠦ ᠳᠤ ᠨᠠᠩ ᠢᠲᠡᠭᠡᠯ ᠲᠠᠢ ᠪᠣᠯᠵᠠᠢ︾ ᠭᠡᠵᠦ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ | ᠴᠠᠭᠠᠨᠲᠠᠯᠠ ᠲᠠᠷᠢᠵᠤ ᠲᠡᠵᠢᠭᠡᠬᠦ ᠦᠢᠯᠡᠰ ᠤᠨ ᠬᠤᠷᠰᠢᠶᠠᠨ ᠤ ᠬᠠᠷᠢᠭᠤᠴᠠᠯᠭᠠᠲᠠᠨ ᠳ᠋ᠠ ᠰᠢ ᠬᠡᠯᠡᠪᠡ᠃ | ᠤᠰᠤ ᠠᠷᠪᠢᠯᠠᠵᠤ ᠤᠰᠤ ᠬᠢᠵᠠᠭᠠᠷᠯᠠᠬᠤ ᠪᠣᠯ ᠣᠳᠣᠬᠠᠨ ᠤ ᠲᠠᠷᠢᠶᠠᠯᠠᠩ ᠤᠨ ᠬᠥᠭᠵᠢᠯᠲᠡ ᠶᠢᠨ ᠴᠢᠬᠤᠯᠠ | ᠴᠢᠭᠯᠡᠯ ᠮᠥᠨ᠂ ᠲᠤᠰᠤᠯᠭᠠᠨ ᠤᠰᠤᠯᠠᠬᠤ ᠵᠡᠷᠭᠡ ᠨᠠᠷᠢᠯᠢᠭ ᠣᠨᠣᠴᠠᠲᠠᠢ ᠪᠠᠷ ᠤᠰᠤᠯᠠᠬᠤ ᠮᠡᠷᠭᠡᠵᠢᠯ ᠢ ᠬᠡᠷᠡᠭᠯᠡᠬᠦ ᠪᠠᠷ | ᠳᠠᠮᠵᠢᠭᠤᠯᠤᠨ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠦᠲᠦᠮᠵᠢᠲᠡᠢ ᠪᠠᠭᠠᠰᠬᠠᠵᠤ᠂ ᠡᠭᠦᠨ ᠤ | ᠬᠠᠮᠲᠤ ᠲᠠᠷᠢᠮᠠᠯ ᠤᠨ ᠬᠡᠪ ᠤᠨ ᠥᠰᠥᠯᠲᠡ ᠶᠢ ᠪᠠᠲᠤᠯᠠᠵᠤ ᠴᠢᠳᠠᠨ᠎ᠠ᠃ ᠲᠤᠰ ᠤᠳᠠᠭᠠᠨ ᠤ ᠪᠣᠯᠪᠠᠰᠤᠷᠠᠭᠤᠯᠤᠯ ᠤᠨ | ᠠᠭᠤᠯᠭ᠎ᠠ ᠶᠢᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠲᠠᠷᠢᠮᠠᠯ ᠤᠨ ᠡᠷᠦᠬᠡ ᠳᠤ ︽ | ᠰᠣᠨᠣᠰᠴᠤ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠪᠠᠰᠠ ︽ᠬᠢᠵᠦ ᠳᠡᠶᠢᠯᠬᠦ︾᠂ ᠭᠦᠶᠦᠭᠡᠨ ᠪᠤᠯᠠᠵᠤ | ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠨᠢᠭᠲᠠ ᠲᠠᠷᠢᠬᠤ ᠮᠡᠷᠭᠡᠵᠢᠯ ᠢ ᠤᠯᠠᠮ ᠨᠢᠭᠡ | ᠠᠯᠬᠤᠮ ᠳᠡᠯᠭᠡᠷᠡᠭᠦᠯᠵᠦ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠶᠢ ᠴᠢᠩᠭᠠᠳᠬᠠᠪᠠ᠃ | ᠥᠨᠥᠳᠦᠷ ᠤᠨ ᠮᠡᠷᠭᠡᠵᠢᠯ ᠤᠨ ᠪᠣᠯᠪᠠᠰᠤᠷᠠᠯ ᠨᠢ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠪᠣᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ | ᠭᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠣᠷᠣᠨ ᠵᠠᠢ ᠲᠦᠢᠯ ᠤᠨ ᠶᠡᠭᠡ ᠣᠷᠣᠨ ᠪᠦᠰᠡ ᠮᠥᠨ᠂ ᠪᠢᠳᠡ | ᠭᠤᠣᠯᠳᠠᠭᠤ ᠵᠦᠢ ᠵᠣᠬᠢᠰᠲᠠᠢ ᠨᠢᠭᠲᠠᠴᠠ ᠪᠠᠷ ᠳᠠᠮᠵᠢᠭᠤᠯᠤᠨ᠂ ᠲᠠᠷᠢᠮᠠᠯ ᠤᠨ ᠨᠢᠭᠲᠠᠴᠠ ᠶᠢ ᠤᠤᠯ ᠤᠨ ᠰᠠᠭᠤᠷᠢᠨ | ᠳᠡᠭᠡᠷ᠎ᠡ 1000 — 2000 ᠰᠠᠭᠤᠷᠢ ᠨᠡᠮᠡᠭᠳᠡᠭᠦᠯᠵᠡᠢ᠃ ᠥᠨᠥᠳᠦᠷ ᠤᠨ ᠲᠠᠶᠢᠯᠤᠮᠵᠢ ᠪᠠᠷ ᠳᠠᠮᠵᠢᠨ᠂ ᠭᠤᠣᠯᠳᠠᠭᠤ | ᠡᠲᠡᠭᠡᠷ ᠵᠠᠩᠭᠢᠯᠠᠭ᠎ᠠ ᠶᠢᠨ ᠮᠡᠷᠭᠡᠵᠢᠯ ᠢ ᠡᠵᠡᠮᠰᠢᠭᠦᠯᠵᠦ᠂ 2025 ᠣᠨ ᠳᠤ ᠡᠷᠳᠡᠨᠢ ᠰᠢᠰᠢ ᠶᠢᠨ ᠤᠨᠠᠯᠲᠠ ᠶᠢ | ᠨᠡᠮᠡᠭᠳᠡᠭᠦᠯᠬᠦ ᠳᠤᠮᠳᠠ ᠬᠡᠷᠡᠭᠯᠡᠵᠦ᠂ ᠡᠴᠦᠰ ᠲᠡᠭᠡᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠳᠡᠨᠢ | ᠰᠢᠰᠢ ᠶᠢᠨ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ︾ ᠭᠡᠵᠤ | ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠸᠠᠩ ᠺᠧ ᠿᠤ᠋ ᠬᠡᠯᠡᠪᠡ᠃ |