3 ᠰᠠᠷ᠎ᠠ ᠶᠢᠨ 25 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ ᠬᠤᠷᠠᠯ ᠢ ᠡᠷᠬᠢᠯᠡᠪᠡ᠃ | ᠬᠤᠷᠠᠯ ᠠᠴᠠ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠥᠪᠯᠡᠷᠡᠭᠦᠯᠦᠨ ᠰᠤᠷᠤᠯᠴᠠᠪᠠ︔ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2025 ᠣᠨ ᠤ ᠤᠯᠤᠰ | ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ︵ᠲᠥᠰᠦᠯ︶᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶ ᠶᠢ | ᠬᠢᠨᠠᠨ ᠵᠥᠪᠯᠡᠵᠦ ᠪᠠᠲᠤᠯᠠᠪᠠ︔ ᠡᠯ᠎ᠡ ᠲᠤᠰᠬᠠᠢ ᠵᠥᠪᠯᠡᠯ ᠤᠨ ᠲᠤᠰᠢᠶᠠᠯ ᠡᠭᠦᠷᠭᠡᠯᠡᠭᠰᠡᠨ ᠪᠠᠶᠢᠳᠠᠯ ᠪᠣᠯᠤᠨ | ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠮᠡᠳᠡᠭᠳᠡᠪᠡ᠃ ᠬᠤᠷᠠᠯ ᠠᠴᠠ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ | ᠬᠤᠷᠠᠯ ᠤᠨ ᠵᠣᠷᠢᠭ ᠰᠠᠨᠠᠭᠠᠨ ᠤ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ | ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠡᠭᠦᠨ ᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠣᠨ ᠤ ᠵᠥᠪᠯᠡᠬᠦ | ᠲᠥᠯᠥᠪᠯᠡᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠤᠰᠬᠠᠢ ᠰᠡᠳᠦᠪ ᠢᠶᠠᠷ ᠵᠥᠪᠯᠡᠬᠦ᠂ ᠪᠠᠶᠢᠴᠠᠭᠠᠨ ᠰᠤᠳᠤᠯᠵᠤ | ᠪᠠᠶᠢᠴᠠᠭᠠᠨ ᠦᠵᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ | ᠬᠡᠷᠡᠭᠲᠡᠢ᠃ ᠨᠠᠮ ᠤᠨ ᠣᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠭᠡᠰᠢᠭᠦᠳ ᠤᠨ | ᠬᠤᠭᠤᠷᠣᠨᠳᠣᠬᠢ ᠣᠯᠠᠨ ᠲᠦᠮᠡᠨ ᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ | ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ | ᠬᠡᠷᠡᠭ ᠢ ᠵᠥᠪᠯᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ | ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ |