ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
   3 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠢ ᠡᠷᠬᠢᠯᠡᠪᠡ᠃ ᠬᠤᠷᠠᠯ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 33 ᠬᠥᠮᠦᠨ᠂ ᠪᠣᠳᠠᠲᠠᠢ ᠣᠷᠣᠯᠴᠠᠭᠰᠠᠨ ᠨᠢ 24 ᠬᠥᠮᠦᠨ ᠪᠠᠶᠢᠵᠤ᠂ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠨ᠎ᠡ᠃  ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢ᠊ ᠡᠶ᠎ᠡ ᠶᠢᠨ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶ ᠶᠢ ᠰᠣᠨᠣᠰᠴᠤ ᠬᠢᠨᠠᠨ ᠵᠥᠪᠯᠡᠵᠦ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠪᠠ ᠪᠠᠶᠢᠩᠭᠤ ᠶᠢᠨ ᠬᠤᠷᠢ᠊ ᠡᠶ᠎ᠡ ᠶᠢᠨ ᠭᠡᠰᠢᠭᠦᠨ ᠤ ᠲᠤᠰᠢᠶᠠᠯ ᠤᠨ ᠭᠤᠶᠤᠴᠢᠯᠠᠯ ᠢ ᠬᠦᠯᠢᠶᠡᠨ ᠠᠪᠬᠤ ᠲᠤᠬᠠᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢ᠊ ᠡᠶ᠎ᠡ ᠶᠢᠨ ᠲᠣᠭᠲᠠᠭᠠᠯ ︵ᠲᠥᠰᠦᠯ︶ ᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ  ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠤᠯᠢ ᠶᠣᠰᠣᠭᠠᠷ ᠬᠤᠷᠠᠯ ᠳᠤ ᠰᠤᠯᠠ ᠣᠷᠣᠯᠴᠠᠪᠠ᠃ ᠬᠤᠰᠢᠭᠤᠨ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠬᠡᠰᠡᠭ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠱᠠᠲᠤᠨ ᠤ ᠬᠡᠰᠡᠭ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号