1000 ᠲᠦᠮᠠᠠ ᠲᠦᠭᠦᠷᠢᠭ ᠢ ᠳᠠᠪᠠᠨ᠎ᠠ — ᠮᠠᠨ ᠤ ᠤᠷᠤᠨ ᠵᠢᠭᠤᠯᠴᠢᠯᠠᠭᠰᠠᠳ ᠢ ᠲᠠᠲᠠᠬᠤ ᠱᠠᠩᠨᠠᠯ ᠭᠠᠷᠭᠠᠯ᠎ᠠ
ᠨᠡᠶᠢᠲᠡᠯᠡᠭᠰᠡᠨ ᠴᠠᠭ᠄
2025/3/27
    ᠰᠤᠷᠪᠤᠯᠵᠢᠯᠠᠭᠴᠢ 3 ᠰᠠᠷ᠎ᠠ ᠶᠢᠨ 24 ᠤ ᠡᠳᠦᠷ ᠬᠤᠷᠠᠯᠳᠤᠭᠤᠯᠤᠭᠰᠠᠨ ︽ᠳᠠᠭᠤᠯᠠᠯᠳᠤ ᠵᠢᠭᠤᠯᠴᠢᠯᠠᠯ · ᠥᠪᠥᠷ ᠮᠣᠩᠭᠤᠯ ᠤᠨ ᠤᠷᠢᠬᠠᠨ ᠬᠠᠪᠤᠷ ᠤᠨ ᠤᠷᠢᠯᠭ᠎ᠠ︾ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠢᠢᠯᠠᠭᠠᠭᠰᠠᠨ ᠢᠶᠠᠷ᠂ ᠣᠷᠣᠨ ᠤ ᠭᠠᠳᠠᠨᠠᠬᠢ ᠨᠠᠩ ᠣᠯᠠᠨ ᠵᠢᠭᠤᠯᠴᠢᠯᠠᠭᠰᠠᠳ ᠢ ᠥᠪᠥᠷ ᠮᠣᠩᠭᠤᠯ ᠳᠤ ᠠᠶᠠᠯᠠᠨ ᠵᠢᠭᠤᠯᠴᠢᠯᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠭᠠᠳᠠᠨᠠᠬᠢ ᠵᠢᠭᠤᠯᠴᠢᠯᠠᠭᠰᠠᠳ ᠢ ᠳᠠᠳᠠᠨ ᠠᠪᠴᠢᠷᠠᠬᠤ ᠶᠢ ᠱᠠᠩᠨᠠᠬᠤ ᠠᠷᠭ᠎ᠠ︾ ᠶᠢ ᠨᠡᠶᠢᠲᠡᠯᠡᠵᠦ᠂ ᠵᠢᠭᠤᠯᠴᠢᠯᠠᠯ ᠤᠨ ᠨᠢᠰᠬᠡᠯ ᠬᠥᠯᠥᠰᠥᠯᠡᠬᠦ᠂ ᠵᠢᠭᠤᠯᠴᠢᠯᠠᠯ ᠤᠨ ᠲᠤᠰᠬᠠᠶ ᠴᠤᠪᠤᠭ᠎ᠠ ᠲᠡᠷᠭᠡ᠂ ᠲᠦᠷᠭᠡᠨ ᠤ ᠭᠠᠯᠲᠦ ᠳᠡᠷᠭᠡ ︵ᠬᠥᠳᠡᠯᠭᠡᠭᠦ ᠭᠦᠴᠦᠨᠳᠦ ᠭᠠᠯᠳᠦ ᠲᠡᠷᠭᠡ︶ ᠶᠢ ᠬᠠᠮᠤᠷᠴᠤ᠂ ᠵᠢᠭᠤᠯᠴᠢᠯᠠᠭᠰᠠᠳ ᠢ ᠲᠠᠲᠠᠵᠤ ᠠᠪᠴᠢᠷᠠᠬᠤ 4 ᠵᠦᠢᠯ ᠤᠨ ᠱᠠᠩᠨᠠᠯ ᠨᠢ ᠪᠥᠬᠦ ᠵᠢᠯ ᠳᠤ 1000 ᠲᠦᠮᠡᠨ ᠲᠥᠭᠦᠷᠢᠭ ᠠᠴᠠ ᠳᠠᠪᠠᠭ᠋ᠤ ᠪᠠᠷ ᠪᠠᠶᠢᠵᠤ᠂ ᠡᠨᠡᠬᠦ ᠲᠥᠷᠥ ᠶᠢᠨ ᠪᠣᠳᠣᠯᠭ᠎ᠠ ᠶᠢ 6 ᠰᠠᠷ᠎ᠠ ᠠᠴᠠ ᠡᠭᠢᠯᠡᠨ ᠭᠡᠰᠡᠭ ᠬᠤᠪᠢᠶᠠᠨ ᠭᠡᠷᠡᠭᠵᠢᠭᠦᠯᠦᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号