︽3 · 24︾ ᠤ ᠳᠡᠯᠡᠬᠡᠢ ᠶᠢᠨ ᠰᠦᠷᠢᠶ᠎ᠠ ᠡᠪᠡᠳᠴᠢᠨ ᠢ ᠰᠡᠷᠬᠡᠶᠢᠯᠡᠨ ᠵᠠᠰᠠᠬᠤ ᠡᠳᠦᠷ︾ ᠤᠨ ᠮᠡᠳᠡᠯᠬᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/3/27
   3 ᠰᠠᠷ᠎ᠠ ᠶᠢᠨ 24 ᠤ ᠡᠳᠦᠷ ᠪᠣᠯ ᠭᠤᠴᠢᠳᠡᠬᠢ ︽ᠳᠡᠯᠡᠬᠡᠢ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ︾ ᠪᠣᠯᠣᠨ᠎ᠠ᠂ ᠡᠨᠡ ᠵᠢᠯ ᠤᠨ ᠭᠤᠣᠯ ᠰᠡᠳᠦᠪ ᠪᠣᠯ ︽ᠪᠥᠬᠦ ᠲᠠᠯ᠎ᠠ ᠪᠠᠷ ᠬᠥᠳᠡᠯᠦᠯᠴᠡᠵᠦ ᠪᠥᠬᠦ ᠠᠷᠠᠳ ᠢᠶᠠᠷ ᠢᠶᠠᠨ ᠰᠦᠷᠢᠶ᠎ᠡ ᠡᠪᠡᠳᠴᠢᠨ ᠢ ᠠᠷᠢᠯᠭᠠᠬᠤ ᠳᠤ ᠣᠷᠣᠯᠴᠠᠬᠤ︾ ᠪᠣᠯᠣᠨ᠎ᠠ᠃ ︽ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠯᠠᠮᠵᠢᠯᠠᠬᠤ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠣᠶ ᠪᠣᠯᠭᠠᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠣᠪᠴᠢᠶ᠎ᠠ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ︽3 · 24 ᠳᠡᠯᠡᠬᠡᠢ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ︾ ᠤᠨ ᠮᠡᠳᠡᠯᠭᠡ ᠶᠢᠨ ᠤᠷᠤᠯᠳᠤᠭᠠᠨ ᠡᠷᠭᠢᠯᠡᠪᠡ᠃   ᠲᠣᠰ ᠤᠳᠠᠭ᠎ᠠ ᠶᠢᠨ ᠮᠡᠳᠡᠯᠭᠡ ᠶᠢᠨ ᠤᠷᠤᠯᠳᠤᠭᠠᠨ ᠤ ᠠᠭᠤᠯᠭ᠎ᠠ ᠳᠤ ᠰᠦᠷᠢᠶ᠎ᠡ ᠡᠪᠡᠳᠴᠢᠨ᠂ ᠠᠶᠢᠽ ᠡᠪᠡᠳᠴᠢᠨ ᠂ ᠡᠯᠢᠭᠡᠨ ᠤ C ᠦᠷᠪᠢᠰᠦᠯ᠂ ᠡᠯᠢᠭᠡᠨ ᠤ B ᠦᠷᠪᠢᠰᠦᠯ ᠵᠡᠷᠭᠡ ᠮᠡᠳᠡᠯᠭᠡ ᠶᠢ ᠥᠷᠭᠡᠨ ᠢᠶᠠᠷ ᠬᠠᠮᠤᠷᠪᠠ᠃ ᠡᠮᠦᠨᠡᠬᠢ ᠬᠤᠭᠤᠴᠠᠭᠠᠨ ᠤ ᠪᠡᠯᠡᠳᠬᠡᠯ ᠤᠷᠤᠯᠳᠤᠭᠠᠨ ᠤ ᠰᠢᠯᠭᠠᠷᠠᠭᠤᠯᠤᠯᠲᠠ ᠪᠠᠷ ᠳᠡᠮᠵᠢᠨ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 8 ᠶᠡᠭᠡ ᠳᠡᠭᠡᠳᠦ ᠰᠤᠷᠭᠠᠭᠤᠯᠢ ᠰᠶᠢᠳᠪᠦᠷᠢᠲᠦ ᠤᠷᠤᠯᠳᠤᠭᠠᠨ ᠳᠤ ᠣᠷᠣᠭᠰᠠᠨ ᠪᠠᠶᠢᠨ᠎ᠠ᠃ ᠵᠠᠪᠠᠯ ᠬᠠᠷᠢᠭᠤᠯᠬᠤ ᠰᠡᠳᠦᠪ᠂ ᠰᠣᠩᠭᠤᠨ ᠬᠠᠷᠢᠭᠤᠯᠬᠤ ᠰᠡᠳᠦᠪ ᠪᠠ ᠵᠠᠪᠳᠤᠨ ᠬᠠᠷᠢᠭᠤᠯᠬᠤ ᠰᠡᠳᠦᠪ ᠵᠡᠷᠭᠡ ᠥᠷᠢᠰᠦᠯᠳᠦᠭᠡᠨ ᠤ ᠳᠠᠪᠠᠭ᠎ᠠ ᠶᠢ ᠳᠠᠪᠠᠭᠠᠳ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠮᠠᠩᠯᠠᠶᠢᠯᠠᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠡᠳ᠋ᠯᠡᠵᠦ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠭᠤᠷᠪᠠᠳᠤᠭᠠᠷ ᠲᠤ ᠤᠷᠤᠪᠠ᠃   ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠪᠣᠯ ᠡᠷᠡᠭᠦᠯ ᠡᠩᠬᠡ ᠳᠤᠮᠳᠠᠳᠤ ᠤᠯᠤᠰ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ ᠪᠠ ᠵᠠᠯᠠᠭᠤ ᠰᠤᠷᠤᠭᠴᠢᠳ ᠤᠨ ᠬᠡᠪ ᠴᠢᠨᠠᠷ ᠤᠨ ᠬᠥᠮᠦᠵᠢᠯ ᠤᠨ ᠴᠢᠬᠤᠯᠠ ᠠᠭᠤᠯᠭ᠎ᠠ ᠮᠥᠨ᠃ ᠲᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ︽ᠵᠢᠭᠠᠨ ᠰᠤᠷᠭᠠᠬᠤ ᠪᠠ ᠡᠮᠴᠢᠯᠡᠬᠦ ᠶᠢ ᠬᠠᠮᠵᠢᠯᠴᠠᠭᠤᠯᠬᠤ︾ ᠪᠠᠷ ᠭᠠᠷᠳᠠᠴᠠ ᠪᠣᠯᠭᠠᠵᠤ᠂ ᠰᠤᠷᠤᠭᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ︽ᠨᠢᠭᠡ ᠰᠣᠷᠣᠭᠴᠢ ᠶᠢ ᠬᠥᠮᠥᠵᠢᠭᠦᠯᠦᠨ᠂ ᠨᠢᠭᠡ ᠭᠡᠷ ᠪᠦᠯᠢ ᠶᠢ ᠳᠠᠶᠢᠴᠢᠯᠠᠵᠤ᠂ ᠪᠥᠬᠦ ᠨᠡᠶᠢᠭᠡᠮ ᠢ ᠨᠥᠯᠥᠭᠡᠯᠡᠬᠦ︾ ᠪᠠᠷ ᠴᠢᠷᠮᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号