ᠭᠤᠸᠠᠩᠮᠢᠩ ᠡᠳᠦᠷ ᠤᠨ ᠰᠣᠨᠢᠨ ᠤ ᠰᠤᠷᠪᠤᠯᠵᠢᠯᠠᠭᠴᠢ ᠭᠤᠣ ᠫᠢᠩ ᠸᠠᠩ ᠰᠢᠶᠣᠣ | ᠬᠡᠰᠡᠭ ᠬᠤᠭᠤᠴᠠᠭᠠᠨ ᠤ ᠲᠤᠷᠰᠢ᠂ ᠥᠪᠥᠷ ᠮᠣᠩᠭᠤᠯ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠥᠩᠭᠡᠨ ᠲᠠᠯ᠎ᠠ ᠠᠴᠠ ᠵᠠᠰᠠᠬᠤ ᠠᠴᠠ ᠦᠨᠳᠦᠰᠦ ᠠᠴᠠ ᠨᠢ ᠵᠠᠰᠠᠬᠤ | ᠲᠡᠶᠢᠰᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠪᠠ᠂ ᠡᠭᠦᠨ ᠳᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠲᠠᠯ᠎ᠠ ᠪᠠᠷ᠂ ᠥᠪᠥᠷ ᠮᠣᠩᠭᠤᠯ ᠤᠷᠮᠠᠰᠢᠭᠤᠯᠬᠤ ᠪᠠ ᠬᠢᠵᠠᠭᠠᠷᠯᠠᠬᠤ | ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠶᠠᠪᠤᠳᠠᠯ | ᠢᠯᠡᠭᠦᠦ ᠬᠢᠬᠦ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠤᠳᠤᠷᠢᠳᠤᠮᠵᠢ ᠶᠢ ᠨᠠᠩ ᠲᠣᠳᠣᠷᠬᠠᠢ ᠲᠣᠭᠲᠠᠭᠠᠪᠠ᠃ | ᠵᠥᠪ ᠴᠢᠭᠯᠡᠯ ᠢᠶᠠᠷ ᠤᠷᠮᠠᠰᠢᠭᠤᠯᠬᠤ ᠲᠠᠯ᠎ᠠ ᠪᠠᠷ᠂ ᠥᠪᠥᠷ ᠮᠣᠩᠭᠤᠯ ︽ᠮᠣᠩᠭᠤᠯ ᠮᠣᠷᠢᠨ ᠤ ᠵᠣᠷᠢᠭ ᠰᠠᠨᠠᠭ᠎ᠠ︾ | ᠶᠢ ᠪᠠᠳᠠᠷᠠᠭᠤᠯᠬᠤ ᠶᠢ ᠢᠮᠠᠭᠲᠠ ᠴᠢᠬᠤᠯᠠᠴᠢᠯᠠᠵᠤ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠬᠤ | ᠪᠠ ᠦᠢᠯᠡᠳᠦᠯᠭᠡᠵᠢᠭᠦᠯᠬᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ | ᠬᠥᠮᠦᠵᠢᠯ ᠢ ᠥᠷᠨᠢᠭᠦᠯᠵᠦ᠂ ᠪᠠᠲᠤ ᠪᠠᠬᠢᠯᠡᠯᠲᠡ ᠪᠦᠬᠦᠢ ︽ᠵᠢᠱᠢᠶᠡᠴᠢ︾ ᠨᠠᠮ ᠤᠨ ᠡᠭᠦᠷ ᠢ ᠪᠠᠶᠢᠭᠤᠯᠬᠤ ᠪᠠ ︽ | ᠲᠤᠰᠢᠶᠠᠯ ᠬᠠᠷᠢᠭᠤᠴᠠᠯᠭ᠎ᠠ ᠪᠠᠨ ᠢᠯᠡᠷᠡᠭᠦᠯᠵᠦ᠂ ᠠᠮᠵᠢᠯᠲᠠ ᠪᠦᠲᠦᠮᠵᠢ ᠪᠠᠨ ᠳᠡᠯᠭᠡᠵᠦ᠂ ᠬᠤᠪᠢ ᠨᠡᠮᠡᠷᠢ ᠪᠠᠨ | ᠠᠳᠠᠯᠢᠳᠬᠠᠬᠤ︾ ᠠᠵᠢᠯᠯᠠᠭ᠎ᠠ ᠥᠷᠨᠢᠭᠦᠯᠪᠡ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ 12 ᠵᠤᠷᠪᠤᠰ ᠠᠷᠭ᠎ᠠ ᠬᠡᠮᠵᠢᠶ᠎ᠡ ᠬᠢᠭᠡᠳ ᠠᠯᠳᠠᠭ᠎ᠠ ᠪᠤᠷᠤᠭᠤ ᠶᠢ ᠠᠭᠤᠴᠢᠯᠠᠬᠤ ᠪᠠ | ᠵᠠᠯᠠᠷᠠᠭᠤᠯᠬᠤ 8 ᠵᠤᠷᠪᠤᠰ ᠰᠠᠨᠠᠯ ᠢ ᠨᠡᠶᠢᠲᠡᠯᠡᠵᠦ᠂ ᠲᠤᠭ ᠲᠡᠮᠳᠡᠭ ᠲᠣᠳᠣᠷᠬᠠᠢ ᠪᠠᠷ ᠵᠣᠷᠢᠭᠲᠠᠢ ᠬᠢᠬᠦ᠂ ᠡᠷᠡᠰ | ᠰᠢᠭᠤᠷᠬᠠᠢ ᠪᠠᠷ ᠤᠷᠤᠭᠰᠢᠯᠠᠨ ᠳᠠᠪᠰᠢᠬᠤ ᠺᠠᠳ᠋ᠷ ᠢ ᠰᠣᠩᠭᠤᠨ ᠳᠡᠪᠰᠢᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ | ᠪᠣᠳᠠᠲᠠᠢ ᠶᠢ ᠡᠷᠬᠢᠮᠯᠡᠨ ᠵᠣᠷᠢᠭᠲᠠᠢ ᠠᠵᠢᠯᠯᠠᠬᠤ ᠺᠠᠳ᠋ᠷ ᠢ ᠳᠡᠮᠵᠢᠨ ᠵᠣᠷᠢᠭᠵᠢᠭᠤᠯᠵᠤ᠂ ᠬᠤᠶᠠᠷ ᠵᠢᠯ ᠳᠠᠷᠠᠭᠠᠯᠠᠨ ︽ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠵᠤ᠂ | ᠰᠢᠯᠭᠠᠷᠠᠭᠤᠯᠵᠤ ᠭᠠᠷᠭᠠᠭᠰᠠᠨ 199 ᠬᠥᠮᠥᠨ ᠤ 172 ᠨᠡᠷᠡᠰ ᠢ ᠨᠢ ᠨᠢᠭᠡᠨᠲᠡ ᠳᠡᠪᠰᠢᠭᠦᠯᠦᠨ ᠬᠡᠷᠡᠭᠯᠡᠵᠦ ᠪᠤᠢ᠃ | ᠡᠰᠡᠷᠭᠦ ᠴᠢᠭᠯᠡᠯ ᠤᠨ ᠬᠢᠵᠠᠭᠠᠷᠯᠠᠬᠤ ᠲᠠᠯ᠎ᠠ ᠪᠠᠷ᠂ ᠥᠪᠥᠷ ᠮᠣᠩᠭᠤᠯ ᠤᠳᠤᠷᠢᠳᠬᠤ ᠺᠠᠳ᠋ᠷ ᠤᠨ ᠳᠡᠪᠰᠢᠵᠦ | ᠪᠠᠭᠤᠵᠤ ᠪᠦᠷ ᠪᠤᠯᠬᠤ ᠶᠢ ᠠᠬᠢᠭᠤᠯᠬᠤ ᠲᠣᠭᠲᠠᠭᠠᠯ ᠢ ᠨᠠᠷᠢᠯᠢᠭ ᠨᠠᠶᠢᠳᠠᠪᠤᠷᠢᠵᠢᠭᠤᠯᠵᠤ᠂ ᠣᠳᠣᠬᠢ ᠲᠤᠰᠢᠶᠠᠯ ᠳᠤ | ᠲᠣᠬᠢᠷᠠᠬᠤ ᠦᠭᠡᠢ 448 ᠺᠠᠳ᠋ᠷ ᠲᠤ ᠲᠣᠬᠢᠷᠠᠭᠤᠯᠤᠯᠲᠠ ᠬᠢᠪᠡ᠃ ᠬᠥᠬᠢᠭᠦᠯᠦᠨ ᠱᠠᠩᠨᠠᠬᠤ᠂ ᠳᠡᠪᠰᠢᠭᠦᠯᠦᠨ ᠬᠡᠷᠡᠭᠯᠡᠬᠦ | ᠪᠣᠭᠤᠮᠲᠠ ᠶᠢ ᠴᠢᠩᠭ᠎ᠠ ᠠᠳᠬᠤᠵᠤ᠂ ᠡᠩ ᠤᠨ ᠦᠶ᠎ᠡ ᠳᠤ ᠬᠤᠶᠢᠷᠭᠤ ᠨᠠᠵᠠᠭᠠᠢ ᠠᠵᠢᠯ ᠦᠯᠦ ᠬᠢᠬᠦ ᠪᠤᠶᠤ ᠦᠡᠭᠭᠡᠨ | ᠲᠠᠯ᠎ᠠ ᠶᠢᠨ ᠠᠵᠢᠯ ᠬᠢᠵᠦ᠂ ᠠᠵᠠ ᠲᠣᠭᠢᠶᠠᠯ ᠢ ᠦᠵᠡᠮᠡᠭᠴᠡ ᠰᠦᠷ ᠪᠠᠳᠠᠷᠠᠭᠤᠯᠳᠠᠭ ᠺᠠᠳ᠋ᠷ ᠢ ᠭᠠᠳᠠᠭᠤᠷᠴᠢᠯᠠᠵᠤ᠂ | ᠬᠡᠯᠪᠡᠷᠢᠴᠢ ᠦᠵᠡᠯ ᠶᠠᠪᠤᠭᠤᠯᠳᠠᠭ ᠬᠥᠮᠥᠨ ᠳᠤ ᠠᠰᠢᠭ ᠣᠯᠭᠤᠬᠤ ᠦᠭᠡᠢ ᠮᠥᠷᠲᠡᠭᠡᠨ ᠪᠠᠰᠠ ᠬᠦᠨᠳᠦ ᠨᠣᠴᠢᠲᠠᠢ | ᠦᠨ᠎ᠡ ᠲᠥᠯᠥᠪᠦᠷᠢ ᠭᠠᠷᠭᠠᠯᠭᠠᠪᠠ᠃ | ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠲᠠᠯ᠎ᠠ ᠪᠠᠷ᠂ ᠦᠨᠳᠦᠰᠦᠨ ᠱᠠᠲᠤᠨ ᠳᠤ ︽ | ᠠᠵᠢᠯᠯᠠᠬᠤ ᠬᠥᠮᠥᠨ ᠲᠠᠢ ᠪᠤᠯᠭᠠᠬᠤ︾ ᠶᠢᠨ ᠲᠣᠭᠤᠷᠢᠨ ᠳᠤ᠂ ᠣᠯᠠᠨ ᠠᠷᠭ᠎ᠠ ᠬᠡᠮᠵᠢᠶ᠎ᠡ ᠪᠠᠷ ᠠᠵᠢᠯᠲᠠᠨ ᠤ | ᠬᠦᠴᠦᠨ ᠢ ᠴᠢᠩᠭᠠᠷᠠᠭᠤᠯᠪᠠ᠃ ᠥᠪᠥᠷ ᠮᠣᠩᠭᠤᠯ ︽ᠰᠢᠶᠠᠩ ᠠᠴᠠ ᠡᠯᠰᠡᠵᠦ ᠲᠣᠰᠬᠤᠨ ᠳᠤ ᠬᠡᠷᠡᠭᠯᠡᠬᠦ︾ ᠶᠢ | ᠰᠦᠪᠡᠭᠴᠢᠯᠡᠨ ᠬᠡᠷᠡᠭᠵᠢᠭᠦᠯᠵᠦ᠂ ᠣᠷᠣᠨ ᠲᠤᠭ᠎ᠠ ᠶᠢᠨ ︽ᠡᠷᠭᠢᠯᠲᠡ ᠶᠢᠨ ᠲᠠᠲᠠᠭᠠᠯ︾ ᠢ ᠪᠠᠶᠢᠭᠤᠯᠤᠨ᠂ ︽ᠭᠠᠴᠠᠭ᠎ᠠ | ᠲᠣᠰᠬᠤᠨ ᠠᠴᠠ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠬᠤ — ᠰᠤᠮᠤ ᠰᠢᠶᠠᠩ ᠪᠠᠯᠭᠠᠰᠤ ᠠᠴᠠ | ᠠᠩᠬ᠎ᠠ ᠠᠯᠬᠤᠮ ᠬᠢᠨᠠᠨ ᠪᠠᠶᠢᠴᠠᠭᠠᠵᠤ ᠬᠠᠷᠭᠤᠭᠤᠯᠬᠤ — ᠬᠤᠰᠢᠭᠤ ᠰᠢᠶᠠᠨ ᠲᠣᠭᠤᠷᠢᠭ ᠠᠴᠠ ᠳᠠᠭᠢᠨ | ᠬᠢᠨᠠᠬᠤ ᠶᠢᠨ ᠬᠠᠮᠲᠤ ᠳᠡᠭᠡᠭᠰᠢ ᠪᠠᠨ ᠭᠤᠶᠤᠴᠢᠯᠠᠬᠤ — ᠬᠤᠲᠠ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠨ | ᠲᠣᠬᠢᠷᠠᠭᠤᠯᠤᠨ ᠬᠡᠷᠡᠭᠯᠡᠬᠦ︾ ᠶᠢ ᠬᠡᠷᠡᠭᠵᠢᠭᠦᠯᠵᠦ᠂ ᠨᠠᠩ ᠣᠯᠠᠨ ᠰᠢᠯᠢᠳᠡᠭ ᠴᠢᠳᠠᠪᠤᠷᠢᠲᠠᠨ ᠤ ᠭᠠᠴᠠᠭ᠎ᠠ | ᠲᠣᠰᠬᠤᠨ ᠳᠤ ᠬᠦᠷᠴᠦ ᠦᠢᠯᠡᠴᠢᠯᠡᠬᠦ ᠶᠢ ᠠᠬᠢᠭᠤᠯᠤᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠠᠵᠢᠯᠲᠠᠨ ᠤ ︽ᠰᠢᠨ᠎ᠡ ᠬᠠᠭᠤᠴᠢᠨ ᠵᠠᠯᠭᠠᠵᠤ ᠳᠡᠶᠢᠯᠭᠦ ᠦᠭᠡᠢ︾ ᠪᠠᠶᠢᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ | ᠣᠶᠢᠷ᠎ᠠ ᠬᠠᠪᠢ ᠳᠤᠨᠢ ᠳᠥᠭᠦᠮ ᠦᠵᠡᠭᠦᠯᠭᠦ᠂ ᠠᠵᠢᠯᠯᠠᠵᠤ ᠰᠠᠭᠤᠬᠤ ᠶᠢ ᠬᠠᠮᠲᠤ ᠳᠤᠨᠢ ᠬᠠᠷᠠᠭᠠᠯᠵᠠᠬᠤ ᠵᠠᠷᠴᠢᠮ | ᠶᠣᠰᠣᠭᠠᠷ᠂ ᠠᠶᠢᠮᠠᠭ ᠬᠤᠲᠠ ᠪᠤᠶᠤ ᠬᠤᠰᠢᠭᠤ ᠰᠢᠶᠠᠨ ᠠᠴᠠ ᠨᠡᠶᠢᠭᠡᠮ ᠲᠣᠭᠤᠷᠢᠭ ᠤᠨ ᠠᠵᠢᠯᠲᠠᠨ ᠢ ᠨᠢᠭᠡᠳᠦᠯᠲᠡᠢ | ᠰᠣᠩᠭᠤᠨ ᠤᠷᠢᠵᠤ᠂ ᠬᠥᠮᠥᠨ ᠰᠣᠩᠭᠤᠬᠤ ᠶᠠᠰᠤ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠨᠡᠶᠢᠭᠡᠮ | ᠲᠣᠭᠤᠷᠢᠭ ᠤᠨ ᠬᠥᠮᠥᠨ ᠬᠡᠷᠡᠭᠯᠡᠬᠦ ᠳᠤ ᠳᠥᠭᠦᠮ ᠦᠵᠡᠭᠦᠯᠪᠡ᠃ ᠲᠣᠰᠬᠤᠨ ᠳᠤ ᠰᠠᠭᠤᠬᠤ ᠺᠠᠳ᠋ᠷ ᠢ ᠰᠢᠯᠢᠳᠡᠭ ᠢ ᠨᠢ | ᠰᠣᠩᠭᠤᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠲᠣᠰᠬᠤᠨ ᠳᠤ | ᠰᠠᠭᠤᠬᠤ ᠨᠢᠭᠡᠳᠦᠭᠡᠷ ᠱᠦᠵᠢ ᠶᠢ ᠰᠣᠩᠭᠤᠨ ᠲᠣᠮᠢᠯᠠᠬᠤ ᠬᠠᠷᠢᠴᠠᠯ ᠢ 30% ᠠᠴᠠ ᠳᠣᠣᠷ᠎ᠠ ᠪᠠᠶᠢᠯᠭᠠᠬᠤ ᠦᠭᠡᠢ᠂ | ᠠᠵᠢᠯᠯᠠᠬᠤ ᠠᠩᠭᠢ ᠶᠢᠨ ᠭᠡᠰᠢᠭᠦᠨ ᠢ ᠰᠣᠩᠭᠤᠨ ᠲᠣᠮᠢᠯᠠᠬᠤ ᠬᠠᠷᠢᠴᠠᠯ ᠢ 20% ᠠᠴᠠ ᠳᠣᠣᠷ᠎ᠠ ᠪᠠᠶᠢᠯᠭᠠᠬᠤ ᠦᠭᠡᠢ | ᠪᠠᠶᠢᠬᠤ ᠶᠢ ᠠᠬᠢᠭᠤᠯᠵᠤ᠂ ᠳᠡᠭᠡᠳᠦ ᠱᠠᠲᠤᠨ ᠤ ᠬᠦᠴᠦᠨ ᠢ ᠨᠢᠭᠡᠳᠦᠭᠡᠷ ᠹᠷᠣᠨᠲ ᠲᠤ ᠨᠠᠩ ᠣᠯᠠᠨ ᠣᠷᠣᠭᠤᠯᠤᠭᠰᠠᠨ | ᠪᠠᠶᠢᠨ᠎ᠠ᠃ ︽ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠵᠢᠯᠲᠠᠨ — ᠬᠤᠶᠠᠷ ᠵᠥᠪᠯᠡᠯ ᠤᠨ ᠪᠦᠷᠢᠯᠳᠦᠭᠦᠨ | — ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ — ᠠᠯᠪᠠᠲᠠᠨ ︵ᠠᠵᠢᠯ ᠦᠢᠯᠡᠰ ᠤᠨ ᠣᠷᠣᠨ | ᠲᠤᠭ᠎ᠠ ᠶᠢᠨ ᠠᠵᠢᠯᠲᠠᠨ︶ — ᠰᠢᠶᠠᠩ ᠰᠠᠯᠠᠭᠠᠨ ᠲᠠᠰ ᠤᠨ ᠤᠳᠤᠷᠢᠳᠬᠤ ᠺᠠᠳ᠋ᠷ︾ ᠤᠨ ᠠᠵᠢᠯ ᠮᠡᠷᠭᠡᠵᠢᠯ ᠤᠨ | ᠬᠥᠭᠵᠢᠯᠲᠡ ᠶᠢᠨ ᠠᠷᠭ᠎ᠠ ᠵᠠᠮ ᠢ ᠪᠠᠶᠢᠭᠤᠯᠵᠤ᠂ ᠦᠨᠳᠦᠰᠦᠨ ᠱᠠᠲᠤᠨ ᠤ ᠲᠠᠰ ᠳᠡᠪᠰᠢᠬᠦ ᠵᠠᠮ ᠢ ᠰᠢᠨ᠎ᠡ ᠪᠠᠷ | ᠡᠭᠦᠳᠦᠨ ᠥᠷᠭᠡᠳᠬᠡᠵᠦ᠂ ᠦᠨᠳᠦᠰᠦᠨ ᠱᠠᠲᠤᠨ ᠤ ᠺᠠᠳ᠋ᠷ ᠢ ᠨᠠᠩ ᠬᠦᠰᠡᠯ ᠡᠷᠡᠮᠡᠯᠵᠡᠯ ᠲᠠᠢ ᠪᠠ ᠡᠷᠴᠢ ᠵᠣᠷᠢᠭ ᠲᠠᠢ | ᠪᠣᠯᠭᠠᠵᠠᠢ᠃ | ᠦᠨᠳᠦᠰᠦᠨ ᠱᠠᠲᠤᠨ ᠤ ︽ᠨᠠᠩ ᠰᠠᠶᠢᠨ ᠠᠵᠢᠯ ᠶᠠᠪᠤᠳᠠᠯ ᠬᠢᠬᠦ︾ ᠶᠢᠨ ᠲᠣᠭᠤᠷᠢᠨ ᠳᠤ᠂ ᠥᠪᠥᠷ ᠮᠣᠩᠭᠤᠯ | ᠦᠨᠳᠦᠰᠦᠨ ᠱᠠᠲᠤᠨ ᠤ ︽ᠦᠨᠳᠦᠰᠦᠨ ᠳ᠋ᠠᠶᠢᠲ᠋ᠠ ᠬᠥᠮᠥᠷᠭᠡ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠪᠦᠭᠦ ᠤᠯᠤᠰ ᠲᠤ ᠬᠠᠮᠤᠭ ᠤᠨ ᠲᠡᠷᠢᠭᠦᠨ ᠳᠤ ᠮᠤᠵᠢ ᠶᠢᠨ ᠬᠡᠪᠴᠢᠶᠡᠨ ᠤ ︽ᠨᠢᠭᠡ ᠬᠦᠰᠦᠨᠦᠭᠲᠦ ᠪᠠᠷ | ᠨᠡᠪᠲᠡᠷᠡᠭᠦᠯᠬᠦ︾ ᠮᠡᠳᠡᠭᠡ ᠵᠠᠩᠭᠢ ᠶᠢᠨ ᠰᠢᠰᠲ᠋ᠧᠮ ᠢ ᠪᠡᠶᠡᠯᠡᠭᠦᠯᠵᠦ᠂ 103 ᠬᠤᠰᠢᠭᠤ ᠰᠢᠶᠠᠨ ︵ᠬᠤᠲᠠ ᠲᠣᠭᠤᠷᠢᠭ | ︶ ᠤ 3700 ᠭᠠᠷᠤᠢ ᠰᠠᠯᠠᠭ᠎ᠠ ᠮᠥᠴᠢᠷ ᠵᠢᠴᠢ ᠪᠤᠶ ᠪᠦᠬᠦᠢ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢ | ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠳ᠋ᠠᠶᠢᠲ᠋ᠠ ᠶᠢᠨ ᠳᠠᠷᠤᠢ ᠬᠤᠪᠢᠷᠠᠪᠠᠯ ᠳᠠᠷᠤᠢ | ᠰᠢᠨᠡᠳᠬᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠴᠠᠭ ᠲᠤᠬᠠᠢ ᠳᠤᠨᠢ ᠬᠡᠷᠡᠭᠯᠡᠵᠦ᠂ ᠳ᠋ᠠᠶᠢᠲ᠋ᠠ ᠶᠢ ᠮᠡᠳᠡᠭᠦᠯᠦᠨ | ᠬᠦᠷᠭᠡᠬᠦ ᠴᠤᠪᠤᠷᠠᠯ ᠢ ᠲᠦᠢᠯ ᠤᠨ ᠶᠡᠭᠡ ᠪᠠᠷ ᠰᠢᠯᠢᠳᠡᠭᠵᠢᠭᠦᠯᠵᠦ᠂ ︽ᠳ᠋ᠠᠶᠢᠲ᠋ᠠ ᠶᠢ ᠢᠯᠡᠭᠦᠦ ᠭᠦᠶᠦᠯᠭᠡᠵᠦ᠂ | ᠦᠨᠳᠦᠰᠦᠨ ᠱᠠᠲᠤ ᠳᠤᠲᠠᠭᠤ ᠦᠢᠯᠡ ᠪᠠᠷᠠᠬᠤ︾ ᠶᠢ ᠪᠡᠶᠡᠯᠡᠭᠦᠯᠪᠡ᠃ ︽ᠰᠦᠯᠵᠢᠶ᠎ᠡ + ᠲᠤᠤᠷᠵᠢᠭᠤᠯᠤᠯᠳᠠ︾ | ᠶᠢᠨ ᠵᠠᠰᠠᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ︽ᠤᠯᠠᠨ ᠦᠨᠡᠯᠡᠬᠦᠢ︾ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠰᠤᠳᠤᠯᠤᠨ ᠨᠡᠭᠡᠭᠡᠵᠦ ᠳᠡᠯᠭᠡᠷᠡᠭᠦᠯᠦᠨ᠂ ᠨᠡᠶᠢᠭᠡᠮ ᠤᠨ ᠬᠠᠮᠢᠶᠠᠷᠤᠯᠲᠠ᠂ ᠠᠷᠠᠳ ᠤᠨ ᠪᠠᠶᠢᠳᠠᠯ ᠤᠨ | ᠨᠡᠪᠲᠡᠷᠡᠯᠴᠡᠭᠡ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠵᠡᠷᠭᠡ ᠴᠢᠳᠠᠮᠵᠢ ᠶᠢ ᠲᠡᠭᠦᠨ ᠳᠤ ᠣᠷᠣᠭᠤᠯᠵᠤ᠂ | ᠰᠦᠯᠵᠢᠶ᠎ᠡ ᠪᠠᠷ ᠰᠦᠯᠵᠢᠶᠡᠨ ᠭᠠᠳᠠᠨᠠᠬᠢ ᠶᠢ ᠠᠬᠢᠭᠤᠯᠵᠤ᠂ ᠦᠯᠦ ᠮᠡᠳᠡᠭᠳᠡᠮ᠎ᠡ ᠭᠡᠯᠪᠡᠷᠢ ᠪᠠᠷ ᠪᠣᠳᠠᠲᠠᠢ ᠳᠤ | ᠦᠢᠯᠡᠴᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠲᠦ ᠴᠢᠨᠠᠷ ᠪᠠ ᠳᠥᠭᠦᠮ ᠳᠥᠲᠡ ᠶᠢᠨ | ᠬᠡᠮᠵᠢᠶ᠎ᠡ ᠶᠢ ᠳᠡᠭᠡᠭᠰᠢᠯᠡᠭᠦᠯᠪᠡ᠃ | ︵ᠤᠤᠯ ᠵᠣᠬᠢᠶᠠᠯ ᠢ 2025 ᠣᠨ ᠤ 3 ᠰᠠᠷ᠎ᠠ ᠶᠢᠨ 23 ᠤ ︽ᠭᠤᠸᠠᠩᠮᠢᠩ ᠡᠳᠦᠷ ᠤᠨ ᠰᠣᠨᠢᠨ︾ ᠤ 2 | ᠳ᠋ᠤᠭᠠᠷ ᠨᠢᠭᠤᠷ ᠲᠤ ᠨᠡᠶᠢᠲᠡᠯᠡᠪᠡ︶ |