ᠶᠤᠸᠠᠨ ᠽᠢ ᠭᠸᠦ ᠶᠢᠨ ᠪᠠᠭᠤᠷᠢ ᠨᠢ ᠳᠠᠭ᠎ᠠ ᠶᠢᠨ ᠨᠠᠭᠤᠷ ᠤᠨ ᠬᠤᠶᠢᠳᠦ ᠡᠷᠭᠢ ᠳᠤ ᠪᠠᠶᠢᠷᠢᠯᠠᠵᠤ᠂ ᠤᠮᠠᠷᠠᠰᠢ | ᠮᠤᠨᠢ ᠠᠭᠤᠯᠠ ᠶᠢᠨ ᠰᠠᠯᠪᠤᠷᠢ ᠰᠤᠳᠠᠰᠤ ᠪᠣᠯᠬᠤ ᠮᠠᠩᠬᠠᠨ ᠠᠭᠤᠯᠠᠨ ᠳᠤ ᠪᠠᠶᠢᠷᠢᠯᠠᠵᠤ᠂ ᠡᠮᠦᠨᠡᠰᠢ ᠳᠠᠭ᠎ᠠ ᠶᠢᠨ | ᠨᠠᠭᠤᠷ ᠲᠠᠢ ᠬᠥᠷᠰᠢᠯᠡᠵᠦ᠂ ᠣᠳᠣ ᠠᠴᠠ ᠨᠢᠭᠡᠨᠲᠡ 5000 ᠭᠠᠷᠤᠶ ᠵᠢᠯ ᠤᠨ ᠲᠡᠤᠬᠡ ᠲᠠᠢ ᠪᠣᠯᠵᠠᠶ᠃ 1987 | ᠣᠨ ᠳᠤ ᠶᠤᠸᠠᠨ ᠽᠢ ᠭᠸᠦ ᠶᠢᠨ ᠪᠠᠭᠤᠷᠢ ᠶᠢ ᠪᠦᠬᠦ ᠤᠯᠤᠰ ᠤᠨ ᠰᠢᠨ᠎ᠡ ᠢᠯᠡᠷᠡᠭᠦᠯᠦᠯᠲᠡ ᠪᠠᠷ ᠵᠢᠭᠰᠠᠭᠠᠭᠳᠠᠵᠤ᠂ | ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠣᠳᠣ ᠪᠠᠶᠢᠭ᠎ᠠ ᠬᠠᠮᠤᠭ ᠤᠨ ᠲᠣᠮᠣ ᠰᠢᠨ᠎ᠡ ᠴᠢᠯᠠᠭᠤᠨ | ᠵᠡᠪᠰᠡᠭ ᠤᠨ ᠪᠠᠭᠤᠷᠢ ᠪᠣᠯᠪᠠ᠃ 1987᠂ 1988 ᠣᠨ ᠳᠤ᠂ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠰᠤᠳᠤᠯᠭᠠᠨ ᠤ ᠭᠠᠵᠠᠷ ᠤᠨ ᠭᠦᠸᠧ ᠰᠦ ᠰᠢᠨ ᠨᠡᠭᠡᠭᠡᠨ ᠮᠠᠯᠲᠠᠬᠤ ᠠᠵᠢᠯ ᠢ ᠡᠬᠢᠯᠡᠨ ᠵᠣᠬᠢᠶᠠᠨ | ᠪᠠᠶᠢᠭᠤᠯᠵᠤ᠂ 2000 ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠂ ᠨᠡᠶᠢᠲᠡ 28 ᠨᠦᠬᠡᠨ ᠭᠡᠷ᠂ 43 ᠬᠠᠭᠠᠰ | ᠨᠦᠬᠡᠨ ᠭᠡᠷ ᠮᠠᠯᠲᠠᠵᠤ᠂ ᠬᠤᠪᠣᠷ ᠨᠠᠨᠳᠢᠨ ᠴᠢᠯᠠᠭᠤ ᠪᠠᠷ ᠬᠢᠭᠰᠡᠨ ᠵᠢᠴᠢ ᠸᠠᠭᠠᠷ ᠢᠶᠠᠷ ᠬᠢᠭᠰᠡᠨ ᠤᠶᠢᠯᠡᠳᠪᠤᠷᠢᠯᠡᠯ | ᠠᠮᠢᠳᠤᠷᠠᠯ ᠤᠨ ᠬᠡᠷᠡᠭᠰᠡᠯ ᠵᠢᠴᠢ ᠣᠳᠣ ᠪᠣᠯᠲᠠᠯ᠎ᠠ ᠲᠣᠳᠣᠷᠬᠠᠶ ᠬᠠᠷᠠᠭᠳᠠᠵᠤ ᠪᠠᠶᠢᠭ᠎ᠠ ᠵᠢᠵᠢᠭ ᠬᠠᠶᠢᠰᠠᠩ ᠮᠠᠯᠲᠠᠵᠤ | ᠭᠠᠷᠭᠠᠵᠠᠶ᠃ ᠪᠡᠭᠡᠵᠢᠩ ᠶᠡᠭᠡ ᠰᠤᠷᠭᠠᠭᠤᠯᠢ ᠶᠢᠨ ᠬᠠᠭᠤᠴᠢ ᠰᠤᠳᠤᠯᠤᠯ ᠤᠨ ᠰᠠᠯᠪᠤᠷᠢ ᠶᠢᠨ ᠡᠷᠬᠢᠯᠡᠭᠴᠢ ᠶᠠᠨ ᠸᠧᠨ | ᠮᠢᠩ ᠫᠷᠤᠹᠧᠰᠰᠤᠷ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠄ ᠡᠶᠢᠮᠦᠷᠬᠦᠤ ᠲᠤᠭ᠎ᠠ ᠬᠡᠮᠵᠢᠶᠡᠨ ᠤ᠂ | ᠪᠠᠶᠢᠷᠢᠯᠠᠭᠤᠯᠤᠯᠲᠠ ᠨᠢ ᠲᠣᠳᠣᠷᠬᠠᠶ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠥᠮᠦᠨ ᠲᠥᠷᠥᠯᠬᠢᠲᠡᠨ ᠤ | ᠣᠷᠣᠰᠢᠨ ᠰᠠᠭᠤᠬᠤ ᠨᠦᠬᠡᠨ ᠭᠡᠷ ᠤᠨ ᠪᠠᠭᠤᠷᠢ ᠶᠢ ᠢᠯᠡᠷᠡᠭᠦᠯᠦᠭᠰᠡᠨ ᠨᠢ ᠦᠨᠡᠬᠡᠷ ᠬᠤᠪᠦᠷ ᠨᠠᠨᠳᠢᠨ ᠪᠣᠯᠬᠤ ᠶᠤᠮ᠂ | ᠡᠨᠡ ᠨᠢ ᠮᠠᠨ ᠤ ᠤᠯᠤᠰ ᠤᠨ ᠤᠮᠠᠷᠠᠳᠤ ᠭᠠᠵᠠᠷ ᠣᠷᠣᠨ ᠤ ᠪᠣᠯᠪᠠᠰᠤᠨ ᠪᠠ ᠤᠯᠤᠰ ᠣᠷᠣᠨ ᠤ ᠡᠭᠦᠰᠦᠯ ᠤᠨ | ᠠᠰᠠᠭᠤᠳᠠᠯ ᠢ ᠰᠤᠳᠤᠯᠬᠤ ᠳᠤ ᠬᠤᠪᠣᠷ ᠨᠠᠨᠳᠢᠨ ᠪᠣᠳᠠᠲᠤ ᠶᠠᠭᠤᠮ᠎ᠠ ᠬᠠᠩᠭᠠᠵᠠᠶ ᠭᠡᠵᠦ ᠦᠵᠡᠪᠡ᠃ | |