ᠥᠪᠥᠷ ᠮᠣᠩᠭᠤᠯ ᠳᠤ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠪᠠᠶᠢᠳᠠᠭ᠂ ᠡᠲᠡᠭᠡᠷ ᠦᠪᠡᠷ | ᠦᠪᠡᠷ ᠤᠨ ᠤᠨᠴᠠᠯᠢᠭ ᠢᠶᠠᠨ ᠳᠤᠪᠤᠶᠢᠯᠭᠠᠭᠰᠠᠨ ᠬᠤᠪᠤᠷ ᠨᠠᠨᠳᠢᠨ ᠤᠯᠠᠮᠵᠢᠯᠠᠯᠲᠤ ᠰᠣᠶᠣᠯ ᠤᠨ ᠢᠯᠡᠳᠭᠡᠬᠦ ᠬᠡᠯᠪᠡᠷᠢ | ᠪᠠ ᠤᠷ᠎ᠠ ᠮᠡᠷᠭᠡᠵᠢᠯ ᠨᠢ ᠥᠪᠥᠷ ᠮᠣᠩᠭᠤᠯ ᠣᠷᠣᠨ ᠤ ᠭᠦᠨ ᠵᠤᠵᠠᠭᠠᠨ ᠲᠡᠤᠬᠡ ᠰᠣᠶᠣᠯ ᠢ ᠲᠥᠯᠥᠭᠡᠯᠡᠵᠦ᠂ ᠤᠮᠠᠷᠠᠲᠤ | ᠬᠢᠯᠢ ᠶᠢᠨ ᠡᠬᠡ ᠭᠠᠵᠠᠷ ᠳᠡᠭᠡᠷᠡᠬᠢ ᠠᠷᠠᠳ ᠣᠯᠠᠨ ᠤ ᠠᠭᠤᠤ ᠶᠡᠭᠡ ᠡᠭᠦᠳᠦᠨ ᠪᠦᠲᠦᠭᠡᠬᠦ ᠬᠦᠴᠦ᠂ ᠬᠡᠳᠦ᠋ᠳᠦᠭᠰᠡᠨ | ᠤᠶᠤᠨ ᠤᠬᠠᠭᠠᠨ᠂ ᠬᠠᠮᠲᠤ ᠶᠢᠨ ᠤᠢ ᠳᠤᠷᠠᠰᠤᠮᠵᠢ ᠶᠢ ᠬᠠᠳᠠᠭᠠᠯᠠᠵᠦ ᠪᠠᠶᠢᠳᠠᠭ᠃ ᠡᠭᠦᠨ ᠢ ᠰᠠᠶᠢᠲᠤᠷ ᠤᠯᠠᠮᠵᠢᠯᠠᠵᠤ | ᠰᠠᠶᠢᠲᠤᠷ ᠬᠠᠮᠠᠭᠠᠯᠠᠬᠤ ᠨᠢ ᠮᠠᠨ ᠤ ᠬᠡᠷ ᠣᠷᠣᠨ᠂ ᠮᠠᠨ ᠤ ᠦᠨᠳᠦᠰᠦ ᠪᠠᠨ ᠬᠠᠮᠠᠭᠠᠯᠠᠵᠤ ᠪᠠᠶᠢᠭ᠎ᠠ ᠲᠠᠢ ᠠᠳᠠᠯᠢ ᠶᠤᠮ᠃ | | ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠨᠠᠷᠢᠨ ᠪᠦᠷᠢᠳᠭᠡᠬᠦ ᠳᠤ ᠬᠡᠯᠪᠡᠷᠢ ᠨᠢ ᠣᠯᠠᠨ᠂ | ᠠᠭᠤᠯᠭ᠎ᠠ ᠨᠢ ᠡᠯᠪᠡᠭ ᠪᠠᠶᠢᠳᠠᠭ᠂ ᠲᠡᠭᠦᠨ ᠤ ᠢᠯᠡᠷᠡᠭᠦᠯᠦᠭᠰᠡᠨ ᠳᠤᠮᠳᠠᠳᠤ ᠶᠢᠨ ᠦᠨᠳᠦᠰᠦᠲᠡᠨ ᠤ ᠥᠪᠡᠷᠮᠢᠴᠡ | ᠣᠶᠤᠨ ᠰᠠᠨᠠᠭᠠᠨ ᠤ ᠦᠨ᠎ᠡ ᠥᠷᠲᠡᠭ ᠪᠠ ᠰᠣᠶᠣᠯ ᠤᠨ ᠠᠭᠤᠯᠤᠭᠳᠠᠬᠤᠨ ᠨᠢ ᠰᠣᠶᠣᠯ ᠤᠨ ᠢᠲᠡᠭᠡᠯ ᠢ ᠡᠷᠴᠢᠯᠡᠬᠦ᠂ | ᠭᠤᠣᠯ ᠴᠣᠭᠴᠠ ᠶᠢᠨ ᠤᠬᠠᠮᠰᠠᠷ ᠢ ᠴᠢᠩᠭᠠᠳᠬᠠᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ᠃ | ᠮᠣᠩᠭᠤᠯ ᠦᠨᠳᠦᠰᠦᠲᠡᠨ ᠤ ᠬᠠᠳᠬᠤᠮᠠᠯ ᠭᠤᠶᠣ ᠰᠠᠶᠢᠬᠠᠨ ᠵᠢᠷᠤᠭ ᠳᠦᠷᠰᠦ᠂ ᠬᠤᠷᠴᠠ ᠢᠯᠭᠠᠷᠠᠮ᠎ᠠ ᠥᠩᠭᠡ | ᠪᠤᠳᠤᠭ ᠪᠣᠯᠤᠨ ᠥᠪᠡᠷᠮᠢᠴᠡ ᠤᠷ᠎ᠠ ᠮᠡᠷᠭᠡᠵᠢᠯ ᠢᠶᠠᠷ ᠢᠶᠠᠨ ᠬᠥᠮᠦᠰ ᠤᠨ ᠠᠩᠬᠠᠷᠤᠯ ᠢ ᠲᠠᠳᠠᠵᠤ᠂ ᠬᠤᠯᠠ | ᠤᠶᠢᠷ᠎ᠠ ᠳᠠᠭᠠᠨ ᠠᠯᠳᠠᠷᠰᠢᠵᠠᠢ᠃ ᠮᠤᠩᠭᠤᠯ ᠦᠨᠳᠦᠰᠦᠲᠡᠨ ᠤ ᠬᠠᠳᠬᠤᠮᠠᠯ ᠦᠪᠡᠷᠮᠢᠴᠡ ᠤᠷᠠᠯᠢᠭ ᠤᠨ ᠭᠠᠶᠢᠬᠠᠮᠰᠢᠬ | ᠪᠠ ᠤᠷᠠᠨ ᠨᠠᠷᠢᠯᠢᠬ ᠮᠡᠷᠭᠡᠵᠢᠯ ᠢᠶᠠᠷ ᠢᠶᠠᠨ ᠬᠠᠮᠠᠭᠠᠯᠠᠬᠤ᠂ ᠤᠯᠠᠮᠵᠢᠯᠠᠬᠤ ᠪᠠ ᠬᠥᠭᠵᠢᠭᠦᠯᠬᠦ ᠰᠡᠳᠭᠢᠯ ᠬᠥᠳᠡᠯᠭᠡᠮ᠎ᠡ | ᠦᠯᠢᠭᠡᠷ ᠢ ᠬᠦᠦᠷᠨᠢᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠤᠷᠮ᠎ᠠ ᠰᠡᠳᠭᠢᠯᠭᠡ ᠪᠣᠯᠤᠨ | ᠬᠦᠰᠡᠯ ᠡᠷᠡᠮᠡᠯᠵᠡᠯ ᠢ ᠢᠯᠡᠳᠭᠡᠵᠦ ᠪᠠᠶᠢᠨ᠎ᠠ᠃ ᠤᠯᠠᠮᠵᠢᠯᠠᠭᠴᠢ ᠰᠡᠴᠡᠨ ᠤᠷᠠᠯᠠᠵᠤ ᠤᠶᠤᠭᠰᠠᠨ ᠲᠠᠮᠠᠬᠢᠨ | ᠬᠠᠪᠳᠠᠭ᠎ᠠ ᠪᠠᠷ ᠢᠶᠠᠨ ᠳᠠᠮᠵᠢᠭᠤᠯᠤᠨ᠂ ᠠᠷᠠᠳ ᠤᠨ ᠤᠯᠠᠮᠵᠢᠯᠠᠯᠲᠤ ᠤᠷ᠎ᠠ ᠮᠡᠷᠭᠡᠵᠢᠯ ᠤᠨ ᠲᠠᠪᠴᠠᠩ ᠳᠡᠭᠡᠷ᠎ᠡ ᠦᠨ᠎ᠡ | ᠦᠷᠲᠡᠭ ᠢᠶᠠᠨ ᠪᠠᠳᠠᠷᠠᠭᠤᠯᠵᠤ ᠪᠠᠶᠢᠨ᠎ᠠ᠃ | ᠲᠡᠭᠡᠪᠡᠯ ᠬᠡᠷᠬᠢᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠤᠨ ᠦᠨ᠎ᠡ ᠦᠷᠲᠡᠭ ᠢ ᠨᠡᠩ ᠪᠠᠳᠠᠷᠠᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠳᠡᠶᠢᠯᠬᠦ ᠪᠤᠢ︖ | ᠰᠣᠶᠣᠯ ᠤᠨ ᠬᠠᠮᠲᠤ ᠶᠢᠨ ᠲᠠᠨᠢᠯᠲᠠ ᠪᠠᠨ ᠪᠠᠲᠤᠳᠬᠠᠵᠤ᠂ ᠰᠣᠶᠣᠯ ᠤᠨ ᠦᠨᠳᠦᠰᠦ ᠶᠢ ᠬᠠᠮᠠᠭᠠᠯᠠᠬᠤ ᠪᠤᠯ ᠴᠤᠷ ᠤᠨ | ᠭᠠᠭᠴᠠ ᠵᠠᠮ ᠮᠦᠨ᠃ | ᠡᠩ ᠲᠡᠷᠢᠭᠦᠨ ᠳᠤ᠂ ᠰᠣᠶᠣᠯ ᠤᠨ ᠢᠲᠡᠭᠡᠯ ᠢᠶᠠᠨ ᠪᠠᠲᠤ ᠰᠠᠬᠢᠵᠦ᠂ ᠰᠣᠶᠣᠯ ᠤᠨ ᠵᠣᠭᠰᠣᠯᠲᠠ ᠪᠠᠨ ᠪᠠᠲᠤ | ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠬᠤ᠂ | ᠰᠢᠨ᠎ᠡ ᠶᠢ ᠡᠭᠦᠳᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠠᠮᠢᠵᠢᠷᠠᠯ ᠤᠨ ᠬᠦᠴᠦᠨ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ᠃ ᠳᠠᠷᠠᠭ᠎ᠠ ᠨᠢ᠂ ᠰᠣᠶᠣᠯ ᠢ ᠬᠠᠮᠠᠭᠠᠯᠠᠨ ᠤᠯᠠᠮᠵᠢᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ | ᠦᠨᠳᠦᠰᠦᠲᠡᠨ ᠤ ᠲᠦᠷᠢ ᠲᠥᠷᠬᠦ ᠶᠢ ᠴᠤᠭᠴᠠᠯᠠᠨ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ︔ ᠳᠠᠬᠢᠪᠠᠯ᠂ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠶ | ᠡᠭᠦᠳᠴᠦ᠂ ᠤᠷ᠎ᠠ ᠮᠡᠷᠭᠡᠵᠢᠯ ᠤᠨ ᠤᠯᠠᠮᠵᠢᠯᠠᠭᠴᠢ ᠶᠢ ᠬᠥᠮᠦᠵᠢᠭᠦᠯᠬᠦ ᠪᠠᠨ ᠴᠢᠩᠭᠠᠳᠬᠠᠨ᠂ ᠡᠳᠡᠭᠡᠷ ᠤᠷ᠎ᠠ | ᠮᠡᠷᠭᠡᠵᠢᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠬᠡᠷᠡᠭᠲᠡᠶ᠃ | ᠡᠭᠦᠨ ᠠᠴᠠ ᠭᠠᠳᠠᠨ᠎ᠠ᠂ ᠣᠲᠣ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ | ᠠᠰᠢᠭᠯᠠᠨ᠂ ᠲᠣᠭᠠᠴᠢᠯᠠᠭᠰᠠᠨ ᠲᠠᠪᠴᠠᠩ ᠪᠠ AI ᠮᠡᠷᠭᠡᠵᠢᠯ ᠤᠨ ᠲᠡᠮᠳᠡᠭᠯᠡᠬᠦ ᠪᠠ ᠳᠠᠮᠵᠢᠭᠤᠯᠬᠤ ᠪᠠᠷ ᠳᠠᠮᠵᠢᠨ᠂ ᠨᠠᠩ | ᠣᠯᠠᠨ ᠬᠥᠮᠦᠨ ᠳᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠣᠶᠢᠯᠠᠭᠠᠭᠤᠯᠬᠤ ᠶᠢᠨ ᠬᠠᠮᠲᠤ | ᠲᠡᠳᠡᠨ ᠢ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠳᠤ ᠣᠷᠣᠯᠴᠠᠭᠤᠯᠬᠤ ᠬᠡᠷᠡᠭᠲᠡᠶ︔ ᠪᠣᠳᠠᠰ ᠤᠨ | ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠵᠢᠭᠤᠯᠴᠢᠯᠠᠯ᠂ ᠰᠣᠶᠣᠯ ᠤᠨ ᠪᠦᠲᠦᠭᠡᠯᠴᠢ ᠠᠵᠤ ᠦᠢᠯᠡᠰ ᠯᠦᠭᠡ | ᠭᠦᠨᠵᠡᠭᠡᠶ ᠠᠭᠤᠰᠤᠯᠴᠠᠭᠤᠯᠬᠤ ᠶᠢ ᠬᠠᠶᠢᠨ ᠰᠦᠪᠡᠭᠴᠢᠯᠡᠵᠦ᠂ ᠣᠷᠣᠨ ᠪᠦᠰᠡ ᠶᠢᠨ ᠣᠨᠴᠠᠯᠢᠭ ᠲᠠᠢ ᠰᠣᠶᠣᠯ ᠤᠨ | ᠲᠦᠷᠦᠯ ᠲᠡᠮᠳᠡᠭ ᠢ ᠬᠦᠭᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ | ᠬᠥᠭᠵᠢᠯᠲᠡ ᠶᠢᠨ ᠣᠷᠣᠨ ᠵᠠᠶ ᠶᠢ ᠦᠷᠭᠡᠳᠭᠡᠬᠦ ᠬᠡᠷᠡᠭᠲᠡᠶ᠃ | ᠲᠦᠪ ᠶᠣᠰᠣ ᠶᠢ ᠡᠷᠬᠢᠮᠯᠡᠨ᠂ ᠦᠩᠭᠡᠷᠡᠭᠰᠡᠨ ᠢᠶᠠᠨ ᠳ᠋ᠦᠩᠨᠡᠨ᠎ᠡ︔ ᠰᠢᠨ᠎ᠡ ᠶᠢ ᠡᠭᠦᠳᠦᠨ᠂ ᠢᠷᠡᠭᠡᠳᠦᠢ ᠶᠢ | ᠵᠤᠷᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠶᠠᠪᠤᠳᠠᠯ ᠪᠣᠯᠤᠨ᠎ᠠ᠂ ᠳᠠᠷᠤᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠳᠤ ᠨᠡᠩ ᠴᠢᠩᠭ᠎ᠠ ᠠᠮᠢᠵᠢᠷᠠᠯ ᠤᠨ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ᠃ |