ᠳᠠᠭᠤᠷ ᠦᠨᠳᠦᠰᠦᠲᠡᠨ ᠤ ᠯᠦᠷᠭᠢᠯ ᠪᠥᠵᠢᠭ ᠲᠦᠷᠦᠬᠦᠦ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠪᠤᠯᠤᠭᠰᠠᠨ ᠤ ᠬᠤᠪᠢ ᠳᠤ᠂ ᠦᠨᠳᠦᠰᠦᠲᠡᠨ ᠤ ᠰᠣᠶᠣᠯ ᠤᠨ ᠴᠢᠬᠤᠯᠠ ᠲᠡᠮᠳᠡᠭ ᠪᠤᠯᠵᠤ᠂ | ᠥᠪᠡᠷᠮᠢᠴᠡ ᠣᠨᠴᠠᠯᠢᠭ ᠲᠠᠢ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠳᠠᠭ᠃ | ᠯᠦᠷᠬᠢᠯ ᠪᠦᠵᠢᠭ ᠪᠥᠵᠢᠭᠯᠡᠭᠴᠢ ᠶᠢᠨ ᠬᠦᠳᠡᠯᠦᠯ ᠨᠢ ᠪᠠᠶᠠᠷ ᠪᠠᠶᠠᠰᠤᠯ ᠲᠠᠢ ᠪᠦᠭᠡᠳ ᠢᠷᠠᠭᠤ ᠤᠶᠠᠨ ᠪᠠᠶᠢᠵᠤ᠂ | ᠠᠯᠬᠤᠮ ᠪᠦᠷᠢ᠂ ᠭᠠᠷ ᠤᠨ ᠬᠦᠳᠡᠯᠦᠯ ᠪᠦᠷᠢ ᠨᠢ ᠠᠩ ᠠᠩᠨᠠᠬᠤ᠂ ᠵᠢᠭᠠᠰᠤ ᠪᠠᠷᠢᠬᠤ᠂ ᠠᠵᠢᠯᠯᠠᠵᠤ ᠬᠦᠳᠡᠯᠮᠦᠷᠢᠯᠡᠬᠦ᠂ | ᠤᠰᠤ ᠳᠠᠮᠨᠠᠬᠤ᠂ ᠴᠢᠬᠢ ᠰᠠᠭᠤᠯᠭᠠᠬᠤ ᠵᠡᠷᠭᠡ ᠬᠦᠳᠡᠯᠭᠡᠭᠡᠨ ᠢ ᠳᠠᠭᠤᠷᠢᠶᠠᠨ᠂ ᠳᠠᠭᠤᠷ ᠦᠨᠳᠦᠰᠦᠲᠡᠨ ᠤ ᠠᠷᠠᠳ | ᠲᠦᠮᠡᠨ ᠤ ᠥᠩᠭᠡᠷᠡᠭᠰᠡᠨ ᠤ ᠦᠢᠯᠡᠳᠪᠦᠷᠢᠯᠡᠯ ᠠᠮᠢᠳᠤᠷᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠪᠠᠶᠠᠷ | ᠪᠠᠭᠠᠳᠤᠯ ᠢᠶᠠᠨ ᠪᠥᠵᠢᠭ ᠲᠤ ᠠᠭᠤᠰᠬᠠᠵᠠᠢ︔ ᠬᠦᠭᠵᠢᠮ ᠤᠨ ᠬᠠᠪᠰᠤᠷᠤᠯᠭ᠎ᠠ ᠦᠭᠡᠢ ᠤᠷᠢᠶ᠎ᠠ ᠠᠮᠢ ᠨᠠᠰᠤᠨ ᠤ ᠬᠦᠭ | ᠠᠶᠢᠵᠠᠮ ᠢᠶᠠᠷ ᠪᠢᠯᠬᠠᠨ᠂ ᠯᠦᠷᠬᠢᠯ ᠤᠨ ᠢᠯᠡ ᠲᠤᠳᠤ ᠲᠡᠮᠲᠡᠭ ᠪᠤᠯᠬᠤ ᠶᠤᠮ᠂ ᠦᠪᠡᠳᠡᠭᠰᠢ ᠶᠡᠭᠡ ᠪᠠᠶᠠᠷ ᠴᠤᠭᠯᠠᠭᠠᠨ | ᠪᠤᠯᠤᠨ ᠡᠳᠦᠷ ᠲᠤᠳᠤᠮ ᠤᠨ ᠨᠠᠶᠢᠷ ᠠᠵᠢᠯᠯᠠᠭ᠎ᠠ ᠳᠡᠭᠡᠷ᠎ᠡ ᠯᠦᠷᠬᠢᠯ ᠬᠦᠮᠦᠰ ᠲᠤ ᠬᠢᠵᠠᠭᠠᠯᠠᠰᠢ ᠦᠭᠡᠢ ᠪᠠᠶᠠᠷ | ᠪᠠᠭ᠋ᠠᠳᠤᠯ ᠬᠦᠷᠲᠡᠭᠡᠨ ᠬᠦᠰᠡᠯ ᠵᠦᠩᠨᠡᠯ ᠢ ᠠᠴᠢᠶᠠᠯᠠᠵᠤ ᠪᠠᠶᠢᠨ᠎ᠠ᠃ | ᠯᠦᠷᠬᠢᠯ ᠪᠥᠵᠢᠭ ᠳᠠᠭᠤᠷ ᠦᠨᠳᠦᠰᠦᠲᠡᠨ ᠤ ᠣᠶᠤᠨ ᠰᠠᠨᠠᠭᠠᠨ ᠤ ᠨᠠᠶᠢᠳᠠᠯᠭ᠎ᠠ ᠪᠠ ᠰᠣᠶᠣᠯ ᠤᠨ ᠤᠯᠠᠮᠵᠢᠯᠠᠯ ᠢ | ᠠᠴᠢᠶᠠᠯᠠᠵᠤ᠂ ᠦᠳᠭᠡᠨ ᠵᠤᠵᠠᠭᠠᠨ ᠦᠨᠳᠦᠰᠦᠲᠡᠨ ᠤ ᠦᠪᠡᠷᠮᠢᠴᠡ ᠣᠨᠴᠠᠯᠢᠭ ᠢᠶᠠᠷ ᠢᠶᠠᠨ ᠳᠠᠭᠤᠷ ᠦᠨᠳᠦᠰᠦᠲᠡᠨ ᠤ | ᠵᠠᠩ ᠦᠢᠯᠡ ᠪᠣᠯᠤᠨ ᠠᠮᠢᠳᠤᠷᠠᠯ ᠢ ᠠᠮᠢᠳᠤᠯᠢᠭ ᠰᠠᠶᠢᠬᠠᠨ ᠳᠡᠯᠭᠡᠨ᠂ ᠲᠠᠶᠢᠰᠠᠨ ᠳᠡᠭᠡᠷᠡᠬᠢ ᠳᠠᠭᠤᠷ ᠦᠨᠳᠦᠰᠦᠲᠡᠨ ᠤ | ᠳᠦᠷᠢ ᠲᠥᠷᠬᠦ ᠶᠢᠨ ᠢᠯᠡᠷᠡᠭᠦᠯᠦᠯ ᠪᠤᠯᠬᠤ ᠶᠤᠮ᠂ ᠮᠦᠨ ᠴᠦ ᠳᠠᠭᠤᠷ ᠦᠨᠳᠦᠰᠦᠲᠡᠨ ᠤ ᠠᠷᠠᠳ ᠲᠦᠮᠡᠨ ᠤ | ᠠᠵᠢᠯᠴᠢ ᠬᠥᠳᠡᠯᠮᠦᠷᠢᠴᠢ᠂ ᠡᠷᠡᠯᠭᠡᠭ ᠪᠠᠭᠠᠲᠤᠷᠯᠢᠭ᠂ ᠠᠮᠢᠳᠤᠷᠠᠯ ᠳᠤ ᠬᠠᠶᠢᠷᠠᠲᠠᠢ᠂ ᠪᠦᠯᠭᠦᠮᠳᠡᠯ ᠲᠠᠢ᠂ ᠡᠶ᠎ᠡ | ᠨᠠᠶᠢᠷᠠᠮᠳᠠᠭᠤ᠂ ᠥᠭᠡᠳᠡᠯᠡᠨ ᠲᠠᠪᠰᠢᠭᠰᠠᠨ ᠦᠨᠳᠦᠰᠦᠲᠡᠨ ᠤ ᠥᠪᠡᠷᠮᠢᠴᠡ ᠴᠢᠨᠠᠷ ᠤᠨ ᠪᠡᠯᠭᠡ ᠲᠡᠮᠳᠡᠭ ᠪᠣᠯᠤᠨ᠎ᠠ᠃ | ︽ᠬᠠᠺᠦᠮᠡᠶᠢᠯ︾ ︵ᠯᠦᠷᠭᠢᠯ︶ ᠳᠠᠭᠤᠤ ᠪᠦᠵᠢᠭ ︽ᠠᠮᠢᠳᠤ ᠴᠢᠯᠠᠭᠤᠵᠢᠮᠠᠯ︾ ᠮᠡᠲᠦ ᠪᠠᠷ ᠴᠠᠭ ᠣᠷᠣᠨ ᠵᠠᠢ ᠶᠢ | ᠰᠤᠨᠳᠠᠯᠠᠭᠠᠳ ᠢᠷᠡᠭᠰᠡᠨ ᠪᠠᠶᠢᠳᠠᠭ᠂ ᠲᠡᠷᠡ ᠨᠢ ᠤᠮᠠᠷᠠᠲᠤ ᠶᠢᠨ ᠦᠨᠳᠦᠰᠦᠲᠡᠨ ᠤ ᠠᠪᠠ ᠠᠩᠨᠠᠯ ᠤᠨ ᠳᠠᠭᠤᠤ | ᠪᠥᠵᠢᠭ ᠤᠨ ᠬᠥᠭᠵᠢᠯ ᠬᠤᠪᠢᠷᠠᠯᠲᠠ ᠶᠢ ᠰᠤᠳᠤᠯᠤᠨ ᠰᠦᠪᠡᠭᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ᠃ | ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠪᠣᠯᠤᠭᠰᠠᠨ ᠤ ᠬᠤᠪᠢ ᠳᠤ᠂ ᠪᠢᠳᠡ ᠰᠣᠨᠢᠷᠬᠠᠬᠤ᠂ | ᠬᠠᠮᠠᠭᠠᠯᠠᠬᠤ᠂ ᠤᠯᠠᠮᠵᠢᠯᠠᠬᠤ ᠴᠢᠬᠤᠯᠠᠲᠠᠶ᠂ ᠲᠡᠭᠦᠨ ᠢ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠡᠷᠳᠡᠨᠢᠰ ᠤᠨ | ᠰᠠᠩ ᠳᠤ ᠲᠠᠰᠤᠷᠠᠰᠢ ᠦᠭᠡᠢ ᠤᠷᠤᠰᠢᠬᠤ ᠤᠷᠠᠯᠢᠭ ᠪᠤᠯᠭᠠᠬᠤ ᠬᠡᠷᠡᠭᠲᠡᠢ᠃ | |