ᠰᠦᠨ ᠱᠤᠤ ᠴᠧᠩ ᠨᠤᠮ ᠤᠡᠭᠰᠢᠬᠤ ᠠᠩᠬᠢ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠸᠠᠩ ᠯᠢ ᠰᠢᠶᠠ ᠵᠠᠩ | ᠶᠠᠨ ᠺᠦᠨ ᠣᠷᠣᠯᠴᠠᠵᠠᠢ | 3 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠣᠶᠢᠯᠠᠭᠠᠵᠤ᠂ ᠮᠤᠵᠢ ᠶᠢᠨ ᠳᠡᠰ ᠤᠨ ᠤᠳᠤᠷᠢᠳᠬᠤ ᠺᠠᠳ᠋ᠷᠴᠤᠳ ᠤᠨ ᠤᠷᠢᠳ ᠢᠶᠠᠷ ᠰᠤᠷᠤᠯᠴᠠᠵᠤ | ᠤᠷᠢᠳ ᠢᠶᠠᠷ ᠬᠡᠷᠡᠭᠵᠢᠭᠦᠯᠬᠦ ᠪᠠᠷ ᠪᠥᠬᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠤᠮ ᠤᠡᠭᠰᠢᠬᠤ ᠠᠩᠬᠢ ᠶᠢ | ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ | ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ | ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠣᠷᠣᠯᠴᠠᠪᠠ᠃ | ᠨᠣᠮ ᠤᠩᠰᠢᠬᠤ ᠠᠩᠭᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠥᠪᠡᠰᠦᠪᠠᠨ | ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠨᠥᠬᠦᠳ ᠲᠤᠰᠬᠠᠶ ᠰᠡᠳᠦᠪ ᠢᠶᠠᠷ | ᠬᠠᠪᠰᠤᠷᠤᠨ ᠵᠢᠯᠣᠭᠤᠳᠪᠠ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠨᠠᠮ ᠤᠨ | ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠪᠠᠷ ᠡᠬᠢᠯᠡᠯᠲᠡ | ᠪᠣᠯᠭᠠᠵᠤ᠂ ᠴᠡᠭ ᠠᠴᠠ ᠨᠡᠶᠢᠳᠡᠮ ᠢ ᠬᠠᠮᠤᠷᠴᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ᠂ ᠨᠠᠮ ᠤᠨ ᠰᠤᠷᠲᠠᠯ | ᠵᠠᠰᠠᠭ ᠤᠨ ᠰᠤᠷᠲᠠᠯ ᠤᠨ ᠴᠣ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠲᠡᠦᠬᠡᠲᠦ | ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ ᠪᠦᠳᠦᠮᠵᠢ ᠣᠯᠵᠠᠢ᠃ ᠥᠪᠥᠷ ᠮᠣᠩᠭᠤᠯ ᠪᠣᠯ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠲᠡᠯᠬᠡᠷᠡᠬᠦᠯᠦᠨ ᠲᠠᠶᠢᠯᠪᠤᠷᠢᠯᠠᠬᠰᠠᠨ ᠭᠠᠵᠠᠷ ᠤᠨ ᠨᠢᠭᠡ ᠪᠣᠯᠤᠨ᠎ᠠ᠂ ᠭᠤᠣᠯ ᠰᠢᠵᠢᠮ ᠢ | ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ | ᠣᠷᠣᠬᠤ ᠳᠤ ᠴᠥᠮ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠪᠠᠲᠤᠯᠠᠬᠤ ᠴᠢᠬᠤᠯᠠᠲᠠᠢ | ᠶᠤᠮ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠥᠷᠨᠢᠭᠦᠯᠬᠦ ᠪᠣᠯ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢᠨ ᠠᠳᠠᠯᠢ ᠴᠢᠭᠯᠡᠯ ᠢᠶᠠᠷ ᠬᠦᠴᠦᠯᠡᠬᠦ᠂ | ᠶᠡᠷᠦᠩᠬᠡᠶᠢᠯᠡᠨ ᠬᠦᠴᠦᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠢᠳᠡ ᠰᠤᠷᠤᠯᠴᠠᠯᠭ᠎ᠠ ᠬᠥᠮᠦᠵᠢᠯ ᠢ | ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ | ᠴᠢᠩᠭᠠᠳᠬᠠᠵᠤ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠴᠢᠨᠠᠷ | ᠰᠠᠶᠢᠲᠠᠶ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ | ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ︽ᠰᠤᠷᠤᠯᠴᠠᠬᠤ︾ ᠳᠤ ᠡᠷᠬᠡᠪᠰᠢ ᠰᠡᠳᠭᠢᠯ | ᠵᠢᠷᠦᠬᠡᠨ ᠳᠡᠭᠡᠨ ᠬᠠᠳᠠᠩᠰᠢᠭᠤᠯᠵᠤ᠂ ᠤᠶᠢᠯᠠᠭᠠᠯᠲᠠ ᠲᠠᠢ᠂ ᠣᠯᠤᠯᠲᠠ ᠲᠠᠢ ᠪᠠᠶᠢᠵᠤ᠂ ᠨᠠᠮ ᠤᠨ ᠭᠡᠰᠢᠭᠦᠨ | ᠺᠠᠳ᠋ᠷᠴᠤᠳ ᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠴᠢᠬᠤᠯᠠ ᠥᠭᠦᠯᠡᠯᠲᠡ ᠶᠢ ᠲᠡᠷᠡ ᠬᠡᠪ ᠢᠶᠠᠷ ᠨᠢ᠂ ᠭᠦᠨ ᠭᠦᠨᠵᠡᠭᠡᠶ ᠰᠢᠰᠲ᠋ᠧᠮ ᠲᠠᠢ ᠰᠤᠳᠤᠯᠤᠨ | ᠤᠩᠰᠢᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ | ᠪᠦᠯᠦᠭ ᠵᠦᠢᠯ ᠵᠤᠷᠪᠤᠰ ᠳᠠᠷᠠᠭᠠᠯᠠᠨ ᠰᠤᠳᠤᠯᠵᠤ᠂ ᠰᠠᠶᠢᠲᠤᠷ ᠣᠶᠢᠯᠠᠭᠠᠵᠤ ᠲᠤᠭᠤᠷᠡᠲᠡᠯᠡ ᠮᠡᠳᠡᠵᠦ ᠨᠡᠪᠲᠡᠷᠡᠲᠡᠯ᠎ᠡ | ᠤᠶᠢᠯᠠᠭᠠᠬᠤ ᠳᠤᠮᠳᠠ ᠰᠤᠷᠲᠠᠯ ᠢ ᠰᠠᠶᠢᠵᠢᠷᠠᠭᠤᠯᠬᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠦᠵᠡᠯ ᠰᠠᠨᠠᠭᠠᠨ ᠤ | ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ︽ᠪᠠᠶᠢᠴᠠᠭᠠᠬᠤ︾ ᠳᠤ ᠡᠷᠬᠡᠪᠰᠢ ᠬᠠᠲᠠᠭᠤ ᠲᠠᠢ ᠨᠢ | ᠬᠠᠯᠳᠠᠵᠤ᠂ ᠠᠩᠬᠠᠷᠤᠯ ᠢᠶᠠᠨ ᠣᠨᠣᠪᠴᠢᠲᠠᠶ ᠲᠥᠪᠯᠡᠷᠡᠭᠦᠯᠵᠦ᠂ ᠲᠤᠰᠤᠯᠳᠠ ᠨᠢ ᠪᠤᠳᠠᠳᠠᠢ ᠪᠠᠶᠢᠬᠤ ᠶᠢ ᠪᠡᠶᠡᠯᠡᠬᠦᠯᠵᠤ᠂ | ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠬᠡᠷᠡᠭᠯᠡᠵᠦ᠂ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾ ᠤ ᠦᠢᠯᠡᠳᠦᠯ ᠢ ᠪᠠᠳᠠᠷᠠᠭᠤᠯᠵᠤ᠂ ᠨᠠᠷᠢᠨ ᠲᠠᠩᠰᠠ ᠲᠠᠢ ᠬᠠᠷᠭᠤᠭᠤᠯᠤᠨ ᠠᠰᠠᠭᠤᠳᠠᠯ ᠢ ᠦᠨᠡᠨ | ᠪᠣᠳᠠᠲᠠᠶ ᠡᠷᠢᠵᠤ ᠪᠤᠳᠠᠳᠠᠢ ᠪᠠᠶᠢᠴᠠᠭᠠᠬᠤ ᠬᠡᠷᠡᠭᠲᠡᠶ᠃ ︽ᠴᠡᠭᠴᠡᠯᠡᠨ ᠰᠠᠶᠢᠵᠢᠷᠠᠭᠤᠯᠬᠤ︾ ᠳᠤ ᠡᠷᠬᠡᠪᠰᠢ ᠦᠨᠡᠨ | ᠪᠣᠳᠠᠲᠠᠢ ᠪᠠᠶᠢᠵᠤ᠂ ᠬᠤᠪᠢᠷᠠᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠵᠦ᠂ ᠡᠷᠢᠵᠦ ᠣᠯᠤᠭᠰᠠᠨ | ᠠᠰᠠᠭᠤᠳᠠᠯ ᠢ ᠳᠠᠷᠤᠢ ᠳᠤᠨᠢ ᠮᠡᠳᠡᠵᠦ ᠳᠠᠷᠤᠢ ᠳᠤᠨᠢ ᠰᠠᠶᠢᠵᠢᠷᠠᠭᠤᠯᠵᠤ᠂ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ | ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ | ᠡᠯ᠎ᠡ ᠲᠠᠯ᠎ᠠ ᠶᠢᠨ ᠬᠢᠨ ᠬᠤᠯᠪᠣᠭᠠᠯᠠᠨ ᠬᠦᠳᠡᠯᠦᠯᠴᠡᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢᠨ ᠬᠠᠮᠲᠤ | ᠴᠠᠭ ᠲᠤᠬᠠᠢ ᠳᠤᠨᠢ ᠳᠦᠷᠢᠮ ᠲᠣᠭᠲᠠᠭᠠᠯ ᠲᠣᠭᠲᠠᠭᠠᠬᠤ ᠶᠢ ᠳᠠᠭᠠᠵᠤ ᠪᠡᠶᠡᠯᠡᠬᠦᠯᠬᠦ ᠬᠡᠷᠡᠭᠲᠡᠢ ᠭᠡᠪᠡ᠃ | ᠰᠦᠨ ᠱᠤᠤ ᠴᠤᠩ᠂ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠪᠣᠯ ᠨᠠᠮ ᠤᠨ ᠰᠤᠷᠲᠠᠯ | ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ︽ᠲᠦᠷᠦᠭᠦᠴᠢ ᠭᠠᠯᠠᠭᠤ︾ ᠶᠢᠨ ᠦᠢᠯᠡᠳᠦᠯ ᠢ ᠰᠠᠶᠢᠲᠤᠷ | ᠪᠠᠳᠠᠷᠠᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ᠂ | ᠲᠦᠷᠦᠭᠦᠯᠡᠨ ᠪᠠᠶᠢᠴᠠᠭᠠᠵᠤ᠂ ᠲᠦᠷᠦᠭᠦᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ | ᠡᠭᠦᠷᠭᠡᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ︽ᠳᠠᠷᠤᠭᠠᠰᠤ ᠶᠢ ᠬᠥᠩᠭᠡᠷᠡᠭᠦᠯᠬᠦ᠂ ᠬᠥᠴᠥᠨ | ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ | ᠠᠵᠢᠯ ᠯᠤᠭ᠎ᠠ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ | ᠠᠳᠬᠤᠵᠤ᠂ ᠬᠤᠶᠠᠷ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃ | ᠬᠤᠶᠠᠷ ᠡᠳᠦᠷ ᠤᠨ ᠲᠤᠷᠰᠢ᠂ ᠮᠤᠵᠢ ᠶᠢᠨ ᠲᠠᠰ ᠤᠨ ᠤᠳᠤᠷᠢᠳᠬᠤ ᠺᠠᠳ᠋ᠷ ᠥᠪᠥᠷ ᠮᠣᠩᠭᠤᠯ ᠤᠨ ᠨᠠᠮ ᠤᠨ | ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ | ᠲᠣᠭᠲᠠᠭᠰᠠᠨ ᠨᠣᠮ ᠤᠨ ᠠᠭᠤᠯᠭ᠎ᠠ ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠪᠠ᠃ | ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠴᠦᠮ ᠨᠢᠭᠡ ᠤᠳᠠᠭᠠᠨ ᠤ ᠲᠥᠪ | ᠴᠢᠩᠭ᠎ᠠ ᠨᠠᠮᠴᠢ ᠴᠢᠨᠠᠷ ᠤᠨ ᠲᠠᠪᠳᠠᠨ ᠪᠣᠯᠪᠠᠰᠤᠷᠠᠯᠳᠠ ᠶᠢ ᠦᠩᠬᠡᠷᠡᠬᠡᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ ᠬᠡᠰᠠᠨ ᠤᠯᠤᠯᠳᠠ | ᠲᠦᠷᠦᠭᠳᠡᠯ ᠲᠠᠢ ᠪᠤᠯᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠦᠬᠦᠳ ᠲᠤᠰᠬᠠᠢ ᠰᠡᠳᠦᠪᠲᠦ ᠬᠠᠪᠰᠤᠷᠤᠨ | ᠵᠢᠯᠤᠭᠤᠳᠤᠯᠭ᠎ᠠ ᠳᠤ ᠣᠷᠣᠯᠴᠠᠪᠠ᠃ | |