ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢ᠊ ᠡᠶ᠎ᠡ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ | ᠠᠩᠭᠢ ᠶᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ | ᠪᠦᠬᠦ ᠬᠤᠰᠢᠭᠤᠨ ᠤ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠤᠯᠭ᠎ᠠ ᠣᠷᠣᠯᠴᠠᠵᠠᠢ᠃ | ᠨᠣᠮ ᠤᠩᠰᠢᠬᠤ ᠠᠩᠭᠢ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠤᠰᠬᠠᠢ ᠰᠡᠳᠦᠪ ᠢᠶᠠᠷ ᠬᠠᠪᠰᠤᠷᠤᠨ | ᠵᠢᠯᠣᠭᠤᠳᠬᠤ᠂ ᠳᠠᠭᠠᠭᠤᠯᠤᠨ ᠤᠩᠰᠢᠵᠤ ᠳᠠᠭᠠᠭᠤᠯᠤᠨ ᠰᠤᠷᠤᠯᠴᠠᠬᠤ᠂ ᠰᠤᠷᠲᠠᠯ ᠤᠨ ᠪᠠᠶᠢᠭᠤᠯᠤᠯᠲᠠ ᠵᠢᠴᠢ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠡᠷᠭᠡ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠵᠤ᠂ ᠬᠤᠰᠢᠭᠤᠨ ᠤ ᠱᠠᠲᠤᠨ ᠤ ᠤᠳᠤᠷᠢᠳᠬᠤ ᠺᠠᠳ᠋ᠷ | ᠵᠢᠭᠠᠨ ᠲᠣᠭᠲᠠᠭᠠᠭᠰᠠᠨ ᠨᠣᠮ ᠪᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ | ᠤᠩᠰᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ | ᠤᠬᠠᠮᠰᠠᠷ᠂ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ | ᠼᠠᠢ ᠪᠦᠦ ᠵᠢᠶᠦ᠋ᠨ ᠬᠡᠯᠡᠬᠦ ᠳᠡᠭᠡᠨ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ | ᠳᠣᠪᠤᠶᠢᠯᠭᠠᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠤᠭ ᠵᠣᠬᠢᠶᠠᠯ ᠤᠨ ᠤᠭ | ᠶᠣᠰᠣ ᠶᠢ ᠣᠨᠣᠪᠴᠢᠲᠠᠢ ᠡᠵᠡᠮᠳᠡᠨ᠂ ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠬᠤ ᠶᠢ | ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ | ᠨᠢᠭᠡ ᠴᠣᠭᠴᠠᠵᠢᠭᠤᠯᠤᠨ ᠨᠡᠪᠲᠡᠷᠡᠭᠦᠯᠬᠦ ᠳᠡᠭᠡᠷ᠎ᠡ ᠬᠦᠴᠦ ᠲᠠᠯᠪᠢᠵᠤ᠂ ︽ᠰᠤᠷᠤᠯᠴᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ︾ ᠶᠢ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ | ᠲᠥᠷᠥᠯ ᠤᠨ ᠲᠤᠰᠬᠠᠢ ᠴᠡᠭᠴᠡᠯᠡᠨ ᠵᠠᠰᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠤᠶᠠᠯᠳᠤᠭᠤᠯᠬᠤ ᠶᠢ | ᠠᠬᠢᠭᠤᠯᠵᠤ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠰᠠᠶᠢᠵᠢᠷᠠᠭᠤᠯᠬᠤ ᠳᠤ ᠦᠷ᠎ᠡ | ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠳᠡ ᠪᠠᠨ ᠨᠡᠭᠡᠭᠡᠵᠦ ᠦᠷ᠎ᠡ ᠪᠦᠲᠦᠮᠵᠢ ᠶᠢ ᠠᠰᠠᠭᠤᠬᠤ ᠶᠢ | ᠪᠠᠷᠢᠮᠲᠠᠯᠠᠵᠤ᠂ ᠰᠡᠷᠡᠵᠦ ᠮᠡᠳᠡᠬᠦ ᠳᠤ ᠬᠦᠷᠬᠦ ᠳᠡᠭᠡᠷ᠎ᠡ ᠬᠦᠴᠦ ᠲᠠᠯᠪᠢᠵᠤ᠂ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ | ᠪᠠᠷᠢᠮᠲᠠᠯᠠᠨ᠂ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠬᠤᠰᠢᠭᠤᠴᠢ ᠵᠢᠱᠢᠶᠡᠴᠢ ᠦᠢᠯᠡᠳᠦᠯ ᠢ ᠨᠢ | ᠪᠠᠳᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠨᠠᠮ ᠤᠨ | ᠭᠡᠰᠢᠭᠦᠨ ᠺᠠᠳ᠋ᠷᠴᠤᠳ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠶᠢ ᠢᠯᠡᠷᠡᠭᠦᠯᠵᠦ᠂ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠬᠤ ᠳᠡᠭᠡᠷ᠎ᠡ ᠬᠦᠴᠦ | ᠲᠠᠯᠪᠢᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠂ ᠪᠡᠶ᠎ᠡ ᠪᠠᠷ ᠢᠶᠠᠨ ᠦᠯᠢᠭᠡᠷ | ᠳᠠᠭᠤᠷᠢᠶᠠᠯ ᠦᠵᠡᠭᠦᠯᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ | ᠲᠦᠷᠦᠭᠦᠯᠡᠨ ᠰᠠᠶᠢᠲᠤᠷ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠵᠤ᠂ | ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ |