3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ 103 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ︵ᠲᠥᠰᠦᠯ | ︶︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2025 ᠣᠨ ᠤ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠭᠤᠣᠯᠳᠠᠯᠭ᠎ᠠ︾ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠳᠠᠪᠠᠭᠤᠯᠢᠭ ᠣᠨᠴᠠᠯᠢᠭᠲᠤ | ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠬᠦᠴᠦᠯᠡᠨ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ︽ᠥᠪᠥᠷ ᠮᠣᠩᠭᠤᠯ ᠢᠶᠠᠷ | ᠵᠢᠭᠤᠯᠴᠢᠯᠠᠬᠤ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ | ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠪᠦᠲᠦᠮᠵᠢᠲᠡᠢ ᠬᠠᠮᠵᠢᠯᠴᠠᠬᠤ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠶ᠎ᠠ ᠭᠠᠵᠠᠷ ᠤᠨ ᠰᠦᠯᠵᠢᠶᠡᠨ ᠤ | ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠦᠯᠵᠢᠶᠡᠨ ᠤ ᠠᠮᠤᠷ ᠲᠦᠪᠰᠢᠨ ᠤ | ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ | ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ | ᠃ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |