ᠰᠦᠨ ᠱᠤᠤ ᠴᠧᠩ ᠬᠤᠷᠠᠯ ᠢ ᠡᠷᠭᠢᠯᠡᠪᠡ | 3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠭᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ | ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠤᠢᠢᠷ᠎ᠠ ᠶᠢᠨ ᠵᠢᠯ ᠳᠤ ᠪᠦᠬᠦ ᠣᠷᠣᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠢᠳᠡᠨ ᠤ | ᠠᠵᠢᠯ ᠤᠨ ᠰᠡᠳᠭᠢᠮᠵᠢ ᠪᠣᠯᠤᠨ ᠡᠭᠦᠷᠭᠡ ᠴᠥᠮ ᠮᠠᠰᠢ ᠲᠣᠳᠣᠷᠬᠠᠢ ᠶᠤᠮ᠂ ᠨᠢᠭᠡᠨᠲᠡ ᠲᠣᠭᠲᠠᠭᠠᠭᠰᠠᠨ | ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠤᠳᠠᠭᠠᠨ | ᠲᠠᠭᠠᠭᠠᠮᠠᠭᠠᠢ ᠪᠠᠷ ᠵᠢᠳᠭᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ | ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠲᠦᠷᠭᠡᠨ ᠬᠢᠵᠦ ᠨᠠᠶᠢᠳᠠᠪᠤᠷᠢᠵᠢᠭᠤᠯᠬᠤ ᠶᠢ ᠴᠢᠩᠭ᠎ᠠ | ᠠᠳᠬᠤᠵᠤ᠂ ᠴᠠᠭ ᠢ ᠠᠮᠵᠢᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠷᠭᠡᠨ ᠬᠢᠵᠦ ᠴᠢᠳᠠᠪᠠᠯ ᠲᠦᠷᠭᠡᠨ | ᠬᠢᠵᠦ᠂ ᠢᠯᠡᠭᠦᠦ ᠬᠢᠵᠦ ᠴᠢᠳᠠᠪᠠᠯ ᠢᠯᠡᠭᠦᠦ ᠬᠢᠬᠦ ᠬᠡᠷᠡᠭᠲᠡᠢ᠃ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ | ᠂ ᠤᠶᠤᠨ ᠴᠢᠳᠠᠯ ᠢᠶᠠᠨ ᠪᠣᠳᠠᠲᠤ ᠶᠠᠪᠤᠳᠠᠯ ᠬᠢᠬᠦ ᠳᠡᠭᠡᠷ᠎ᠡ ᠲᠠᠯᠪᠢᠵᠤ᠂ ᠠᠰᠠᠭᠤᠳᠠᠯ ᠢ ᠰᠶᠢᠳᠪᠦᠷᠢᠯᠡᠬᠦ ᠰᠡᠳᠭᠢᠬᠦᠢ ᠪᠠᠨ | ᠴᠢᠩᠭᠠᠳᠬᠠᠨ᠂ ᠵᠣᠷᠢᠭᠲᠠᠢ ᠲᠤᠷᠰᠢᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠵᠦ᠂ ᠪᠠᠶᠢᠭᠤᠯᠤᠯ | ᠲᠣᠭᠲᠠᠴᠠ ᠶᠢᠨ ᠬᠦᠴᠦᠨ ᠳᠤ ᠲᠦᠰᠢᠭᠯᠡᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ | ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠡᠭᠦᠷᠭᠡ᠂ ᠬᠦᠴᠦᠨ᠂ ᠴᠠᠭ ᠤᠨ ᠳᠠᠷᠠᠭᠠᠯᠠᠯ ᠢ ᠰᠠᠶᠢᠲᠤᠷ ᠪᠠᠶᠢᠷᠢᠯᠠᠭᠤᠯᠵᠤ᠂ | ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠤᠯᠬᠤ ᠪᠠᠷ ᠴᠢᠷᠮᠠᠶᠢᠬᠤ ᠬᠡᠷᠡᠭᠲᠡᠢ᠃ ᠲᠦᠷᠭᠡᠨ ᠦᠷ᠎ᠡ ᠪᠦᠲᠦᠮᠵᠢ | ᠣᠯᠵᠤ ᠤᠯᠠᠨ ᠦᠷ᠎ᠡ ᠪᠦᠲᠦᠮᠵᠢ ᠣᠯᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ | ᠨᠢᠭᠡ ᠪᠦᠯᠦᠭ ᠬᠥᠮᠦᠰ ᠢ ᠵᠣᠷᠢᠭᠵᠢᠭᠤᠯᠬᠤ᠂ ᠡᠷᠴᠢ ᠵᠣᠷᠢᠭ ᠢ ᠬᠥᠪᠴᠢᠯᠡᠬᠦ ᠪᠡᠯᠭᠡ ᠲᠡᠮᠳᠡᠭ ᠤᠨ ᠴᠢᠨᠠᠷᠲᠠᠢ ᠦᠷ᠎ᠡ | ᠪᠦᠲᠦᠭᠡᠯ ᠢ ᠪᠤᠢ ᠪᠣᠯᠭᠠᠨ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ | ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ︽ᠪᠤᠲᠠᠲᠠᠢ ᠠᠵᠢᠯᠯᠠᠬᠤ ᠠᠩᠬᠢ ᠶᠢᠨ ᠳᠠᠷᠤᠭ᠎ᠠ︾ ᠪᠤᠯᠵᠤ᠂ ᠲᠤᠷᠤᠭᠰᠢ ᠪᠠᠭᠤᠨ | ᠭᠦᠨᠵᠡᠭᠡᠶᠢᠷᠡᠵᠤ ᠪᠣᠳᠠᠲᠤ ᠪᠠᠶᠢᠳᠠᠯ ᠢ ᠪᠠᠶᠢᠴᠠᠭᠠᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠷᠢᠨ ᠬᠢᠨᠠᠮᠠᠭᠠᠢ | ᠪᠠᠶᠢᠬᠤ ᠵᠣᠷᠢᠭ ᠰᠠᠨᠠᠭ᠎ᠠ ᠪᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠡᠯ᠎ᠡ ᠵᠦᠢᠯ ᠤᠨ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠬᠢᠨ | ᠨᠠᠷᠢᠨ ᠬᠢᠨᠠᠮᠠᠭᠠᠢ ᠠᠵᠢᠯᠯᠠᠵᠤ ᠦᠢᠯᠡᠰ ᠪᠤᠰᠬᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠤᠨ ᠠᠮᠢ ᠠᠬᠤᠶ | ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶ ᠰᠢᠭᠤᠶ | ᠨᠤᠲᠤᠭ ᠪᠡᠯᠴᠢᠭᠡᠷ ᠢ ᠡᠪᠳᠡᠨ ᠰᠦᠢᠳᠭᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠢ | ᠡᠪᠳᠡᠨ ᠰᠦᠢᠳᠭᠡᠬᠦ ᠦᠢᠯᠡ ᠠᠵᠢᠯᠯᠠᠭ᠎ᠠ ᠳᠤ ᠴᠣᠬᠢᠯᠲᠠ ᠥᠭᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠣᠷᠣᠨ | ᠲᠠᠶᠠᠭᠠᠷ ᠤᠨ ᠬᠦᠴᠦᠨ ᠢ ᠳᠠᠶᠢᠴᠢᠯᠠᠨ ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠭᠡᠬᠦ ᠶᠢ ᠬᠤᠷᠢᠭᠯᠠᠬᠤ | ᠨᠢᠭᠡᠨ ᠤᠳᠠᠭ᠎ᠠ ᠶᠢᠨ ᠶᠡᠷᠦᠩᠬᠡᠶ ᠳᠠᠶᠢᠯᠠᠯᠳᠤᠭᠠᠨ ᠬᠢᠵᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠰᠠᠶᠢᠲᠤᠷ ᠪᠠᠲᠤ ᠴᠤᠭᠴᠠᠯᠠᠬᠤ ᠬᠡᠷᠡᠭᠲᠡᠶ᠃ ᠨᠢᠭᠡ ᠳᠤ | ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠦᠮᠦᠨ ᠤ ᠬᠦᠴᠦ ᠪᠠᠷ ᠰᠡᠷᠭᠡᠶᠢᠯᠡᠬᠦ ᠮᠡᠷᠭᠡᠵᠢᠯ ᠢᠶᠠᠷ | ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠢ | ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠮᠡᠳᠡᠭᠦᠯᠵᠦ᠂ ᠦᠨᠳᠦᠰᠦᠨ ᠱᠠᠲᠤᠨ ᠤ | ᠬᠠᠤᠯᠢ ᠬᠡᠷᠡᠭᠵᠢᠭᠦᠯᠬᠦ ᠡᠩᠨᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠳᠠᠭᠠᠭᠤᠯᠢ ᠣᠳᠣᠨ ᠤ ᠠᠯᠤᠰ | ᠰᠡᠷᠡᠯ ᠵᠡᠷᠭᠡ ᠠᠷᠭ᠎ᠠ ᠪᠠᠷᠢᠯ ᠤᠨ ᠦᠢᠯᠡᠳᠦᠯ ᠢ ᠪᠠᠳᠠᠷᠠᠭᠤᠯᠵᠤ᠂ ︽ᠴᠢᠬᠢ ᠰᠣᠷᠭᠤᠭ ᠨᠢᠳᠦ ᠭᠢᠷᠠᠬᠠᠶ︾ ᠪᠠᠶᠢᠬᠤ ᠶᠢ | ᠦᠨᠡᠨ ᠬᠦ ᠪᠡᠶᠡᠯᠡᠭᠦᠯᠬᠦ ᠬᠡᠷᠡᠭᠲᠡᠶ᠃ ᠬᠤᠶᠠᠷ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠰᠠᠯᠠᠭ᠎ᠠ ᠮᠥᠴᠢᠷ ᠤᠨ ᠵᠤᠯᠭᠠᠯᠴᠠᠨ ᠬᠤᠯᠪᠤᠭᠠᠯᠠᠨ ᠬᠦᠳᠦᠯᠦᠯᠴᠡᠬᠦ ᠶᠢ ᠴᠢᠩᠭᠠᠳᠬᠠᠵᠤ | ᠂ ᠰᠢᠨ᠎ᠡ ᠢᠯᠡᠷᠡᠭᠦᠯᠦᠭᠰᠡᠨ ᠠᠰᠠᠭᠤᠳᠠᠯ ᠢᠯᠡᠷᠡᠮᠡᠭᠴᠡ ᠳᠠᠷᠤᠢ ᠴᠣᠬᠢᠯᠲᠠ ᠥᠭᠴᠦ᠂ ᠬᠠᠤᠯᠢ ᠶᠣᠰᠣᠭᠠᠷ ᠬᠦᠴᠦᠲᠡᠢ | ᠴᠣᠬᠢᠯᠲᠠ ᠥᠭᠬᠦ ᠬᠡᠷᠡᠭᠲᠡᠢ᠂ ᠢᠯᠠᠩᠭᠤᠶ᠎ᠠ ᠶᠡᠭᠡ ᠬᠡᠪᠴᠶ᠊ ᠡᠶ᠎ᠡ ᠪᠠᠷ ᠤᠢ ᠰᠢᠭᠤᠢ ᠨᠤᠲᠤᠭ ᠪᠡᠯᠴᠢᠭᠡᠷ ᠢ ᠡᠪᠳᠡᠨ | ᠰᠦᠢᠳᠭᠡᠭᠰᠡᠨ᠂ ᠤᠯᠠᠨᠲᠠ ᠵᠠᠯᠠᠷᠠᠭᠤᠯᠤᠭᠰᠠᠨ ᠴᠤ ᠦᠷᠭᠦᠯᠵᠢᠯᠡᠨ ᠶᠠᠯ᠎ᠠ ᠬᠢᠭᠰᠡᠳ᠂ ᠦᠰᠢᠯᠳᠦᠨ ᠬᠡᠷᠡᠭ | ᠦᠢᠯᠡᠳᠦᠭᠰᠡᠳ ᠢ ᠬᠦᠨᠳᠦ ᠪᠠᠷ ᠰᠢᠢᠳᠭᠡᠨ ᠰᠶᠢᠳᠪᠦᠷᠢᠯᠡᠬᠦ ᠬᠡᠷᠡᠭᠲᠡᠢ᠃ ᠭᠤᠷᠪᠠ ᠳᠤ ᠰᠡᠷᠡᠮᠵᠢᠯᠡᠭᠦᠯᠦᠨ | ᠰᠦᠷᠳᠡᠭᠦᠯᠬᠦ ᠪᠠᠨ ᠴᠢᠩᠭᠠᠳᠬᠠᠵᠤ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠮᠦᠨ | ᠪᠦᠬᠦᠨ ᠢ ᠤᠢ ᠰᠢᠭᠤᠢ᠂ ᠨᠤᠲᠤᠭ ᠪᠡᠯᠴᠢᠭᠡᠷ ᠲᠠᠢ ᠬᠠᠯᠳᠠᠬᠤ ᠵᠣᠷᠢᠭ ᠦᠬᠡᠢ ᠪᠤᠯᠭᠠᠬᠤ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ᠃ ᠲᠦᠷᠪᠡ ᠳᠤ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠤᠢ ᠰᠢᠭᠤᠢ | ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ | ᠂ ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ ᠪᠠᠭᠤᠯᠭᠠᠬᠤ ᠶᠢ ᠵᠣᠬᠢᠰᠲᠠᠢ ᠠᠬᠢᠭᠤᠯᠬᠤ ᠬᠡᠷᠡᠭᠲᠡᠢ᠃ ᠲᠠᠪᠤ ᠳᠤ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠰᠠᠯᠠᠭ᠎ᠠ | ᠮᠥᠴᠢᠷ ᠪᠣᠯᠤᠨ ᠬᠤᠯᠪᠣᠭᠳᠠᠯ ᠪᠦᠬᠦᠢ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠬᠠᠮᠲᠤ ᠪᠠᠷ | ᠬᠦᠳᠡᠯᠦᠯᠴᠡᠵᠦ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠵᠦ᠂ ᠠᠵᠢᠯ ᠦᠯᠦ ᠬᠢᠬᠦ᠂ ᠤᠳᠠᠭᠠᠨ ᠬᠢᠬᠦ ᠪᠠᠶᠢᠳᠠᠯ | ᠢᠯᠡᠷᠡᠪᠡᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |