ᠮᠠᠨ ᠤ ᠤᠷᠤᠨ ︽ᠠᠷᠪᠠᠨ ᠲᠣᠮᠣ ᠠᠵᠤ ᠦᠢᠯᠡᠰ ᠤᠨ ᠪᠥᠯᠦᠭᠵᠢᠯ︾ ᠢ ᠬᠦᠴᠦᠯᠡᠨ ᠬᠦᠭᠵᠢᠬᠦᠯᠵᠦ ᠪᠤᠢ
ᠨᠡᠶᠢᠲᠡᠯᠡᠭᠰᠡᠨ ᠴᠠᠭ᠄
2025/3/6
   ᠡᠨᠡ ᠵᠢᠯ ᠮᠠᠨ ᠤ ᠣᠷᠣᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠭᠡᠨ ᠲᠤᠬᠢᠷᠠᠭᠤᠯᠤᠨ ᠰᠢᠯᠢᠳᠡᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠵᠦ ᠪᠤᠢ᠃   ᠡᠨᠡ ᠵᠢᠯ᠂ ᠮᠠᠨ ᠤ ᠤᠷᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ ᠲᠤᠬᠢᠷᠠᠭᠤᠯᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠵᠦ ᠪᠠᠶᠢᠭ᠎ᠠ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠬᠤ ᠶᠢ ᠬᠦᠴᠦᠯᠡᠨ ᠠᠬᠢᠭᠤᠯᠵᠦ᠂ ᠢᠯᠢ᠂ ᠮᠧᠩ ᠨᠢᠤ ᠵᠡᠷᠭᠡ ᠬᠤᠶᠠᠷ ᠲᠣᠮᠣ ᠰᠦ ᠶᠢᠨ ᠠᠵᠤ ᠠᠬᠤᠶᠢᠯᠠᠯ ᠤᠨ ᠳᠡᠯᠡᠬᠡᠶᠢᠴᠢᠯᠡᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢ ᠭᠤᠣᠯᠳᠠᠯᠭ᠎ᠠ ᠲᠠᠢ ᠳᠡᠮᠵᠢᠵᠦ᠂ ᠪᠢᠰᠢᠯᠠᠭ᠂ ᠰᠢᠷᠠᠰᠤ᠂ ᠰᠦᠨ ᠲᠡᠮᠦᠷ ᠤᠨ ᠤᠭᠤᠷᠠᠭ ᠵᠡᠷᠭᠡ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠦᠢᠯᠡᠰ ᠢ ᠲᠦᠷᠭᠡᠳᠭᠡᠨ ᠪᠠᠶᠢᠷᠢᠰᠢᠭᠤᠯᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠢ ᠲᠠᠪᠠᠭᠤᠯᠵᠦ᠂ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠬᠡᠯᠪᠡᠷᠢ  ᠶᠢᠨ ᠨᠡᠶᠢᠯᠡᠮᠡᠯ ᠮᠠᠲ᠋ᠧᠷᠢᠶᠠᠯ᠂ ᠲᠡᠷᠢᠭᠦᠨ ᠤ ᠨᠡᠭᠦᠷᠡᠰᠦᠲᠥ᠋ᠷᠥᠭᠴᠢ ᠮᠠᠲ᠋ᠧᠷᠢᠶᠠᠯ᠂ ᠵᠠᠳᠠᠷᠠᠭᠤᠯᠵᠤ ᠪᠣᠯᠬᠤ ᠮᠠᠲ᠋ᠧᠷᠢᠶᠠᠯ ᠵᠡᠷᠭᠡ ᠳᠡᠭᠡᠳᠦ ᠲᠠᠰ ᠤᠨ ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠭᠡᠵᠦ᠂ ᠣᠷᠳᠣᠰ ᠤᠨ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠢᠢᠨ ᠵᠢᠱᠢᠶ᠎ᠡ ᠦᠵᠡᠭᠦᠯᠬᠦ ᠲᠣᠭᠤᠷᠢᠭ ᠢ ᠥᠨᠳᠥᠷ ᠲᠦᠪᠰᠢᠨ ᠢᠶᠠᠷ ᠪᠥᠲᠥᠭᠡᠨ ᠪᠠᠶᠢᠭᠤᠯᠵᠤ᠂ ᠪᠥᠬᠦ ᠤᠯᠤᠰ ᠲᠤ ᠦᠢᠯᠡᠴᠢᠯᠡᠬᠦ ᠪᠤᠬᠢᠷᠳᠤᠯ ᠦᠬᠡᠢ ᠪᠤᠳᠤᠯᠭ᠎ᠠ ᠶᠢᠨ ᠪᠠᠲᠤᠯᠠᠭ᠎ᠠ ᠶᠢᠨ ᠰᠠᠭᠤᠷᠢᠨ᠂ ᠲᠤᠭ᠎ᠠ ᠪᠠᠷᠢᠮᠲᠠ ᠪᠣᠯᠪᠠᠰᠤᠷᠠᠭᠤᠯᠬᠤ ᠰᠠᠭᠤᠷᠢᠨ᠂ ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠢ ᠪᠠᠶᠢᠭᠤᠯᠬᠤ ᠢᠢᠨ ᠬᠠᠮᠲᠤ᠂ ᠰᠢᠨ᠎ᠡ ᠡᠨᠧᠷᠭᠢ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠲᠠᠯ᠎ᠠ ᠪᠠᠷ ᠰᠢᠨ᠎ᠡ ᠨᠡᠮᠡᠭᠳᠡᠯ ᠢ ᠪᠦᠷᠢᠯᠳᠦᠭᠦᠯᠵᠦ᠂ ᠤᠶᠢᠷ᠎ᠠ ᠤᠬᠳᠠᠷᠭᠤᠢ ᠶᠢᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠦᠢᠯᠡᠳᠭᠡᠯ᠂ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠠᠯ᠎ᠠ ᠪᠠᠷ ᠰᠢᠨ᠎ᠡ ᠬᠦᠭᠵᠢᠯᠳᠡ ᠶᠢᠨ ᠵᠠᠮ ᠢ ᠨᠡᠭᠡᠭᠡᠬᠦ ᠬᠠᠷᠠᠯᠳᠠ ᠲᠤᠭᠳᠠᠭᠠᠪᠠ᠃    ︽10 ᠲᠣᠮᠣ ᠠᠵᠤ ᠦᠢᠯᠡᠰ ᠤᠨ ᠪᠦᠯᠦᠭᠵᠢᠯ᠂ 21 ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠪᠠᠷ ᠳᠠᠮᠵᠢᠭᠤᠯᠤᠨ᠂ ᠲᠥᠪᠯᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ᠂ ᠴᠢᠳᠠᠪᠤᠷᠢᠲᠠᠨ᠂ ᠤᠰᠤ ᠬᠡᠷᠡᠭᠯᠡᠬᠦ ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠬᠦᠷᠢᠶᠡᠯᠡᠩ ᠲᠣᠭᠤᠷᠢᠭ ᠤᠨ ᠳᠠᠭᠠᠭᠠᠴᠠ᠂ ᠠᠭᠤᠷᠬᠠᠶ ᠶᠢᠨ ᠡᠬᠢ ᠪᠠᠶᠠᠯᠢᠭ ᠵᠡᠷᠭᠡ ᠬᠦᠴᠦᠨ ᠵᠦᠢᠯ ᠤᠨ ᠲᠠᠯ᠎ᠠ ᠪᠠᠷ ᠲᠤᠯᠭᠠᠭᠤᠷᠢᠯᠠᠨ ᠪᠠᠲᠤᠯᠠᠬᠤ ᠶᠢ ᠴᠢᠩᠭᠠᠷᠠᠭᠤᠯᠵᠤ᠂ ᠪᠠᠶᠢᠷᠢᠰᠢᠭᠤᠯᠤᠯᠲᠠ ᠨᠢ ᠵᠦᠶ ᠵᠣᠬᠢᠰᠲᠠᠶ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ ᠪᠠᠷ ᠪᠤᠢ︾ ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠦᠢᠯᠡᠰ ᠤᠨ ᠬᠥᠭᠵᠢᠯᠲᠡ  ᠶᠢᠨ ᠭᠠᠵᠠᠷ ᠤᠨ ᠬᠠᠷᠢᠭᠤᠴᠠᠯᠭᠠᠳᠠᠨ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号