9 ᠰᠠᠷ᠎ᠠ ᠶᠢᠨ 21 — 22 ᠤᠨ ᠡᠳᠦᠷ ᠪᠣᠯᠲᠠᠯ᠎ᠠ᠂ ᠲᠣᠮᠲᠠᠲᠣ ᠣᠯᠣᠰ ᠤᠨ ᠮᠣᠩᠭᠤᠯ ᠣᠳᠬ᠎ᠠ | ᠵᠣᠬᠢᠶᠠᠯ ᠤᠨ ᠰᠢᠨᠵᠢᠯᠡᠭᠡᠨ ᠤ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠦᠪᠦᠷ ᠮᠣᠩᠭᠤᠯ ᠤᠨ ᠪᠠᠭᠰᠢ ᠶᠢᠨ ᠶᠡᠭᠡ | ᠰᠣᠷᠭᠠᠭᠤᠯᠢ ᠶᠢᠨ ᠮᠣᠩᠭᠤᠯ ᠰᠣᠲᠣᠯᠣᠯ ᠤᠨ ᠲᠡᠭᠡᠲᠦ ᠰᠣᠷᠭᠠᠭᠤᠯᠢ᠂ ᠲᠣᠮᠲᠠᠲᠣ ᠣᠯᠣᠰ ᠤᠨ ᠴᠦᠬᠡᠨ ᠲᠣᠭᠠᠲᠣ | ᠦᠨᠳᠦᠰᠦᠲᠡᠨ ᠤ ᠣᠳᠬ᠎ᠠ ᠵᠣᠬᠢᠶᠠᠯ ᠰᠣᠲᠣᠯᠬᠤ ᠰᠠᠭᠤᠷᠢᠨ ᠵᠡᠷᠭᠡ ᠨᠢᠭᠡᠴᠢ ᠠᠴᠠ ᠲᠠᠭᠠᠭᠠᠴᠢᠯᠠᠨ ᠡᠷᠬᠢᠯᠡᠭᠰᠡᠨ | ᠳ᠋ᠢᠵᠢᠲ᠋ᠠᠯ ᠬᠦᠮᠦᠯᠢᠭ ᠬᠢᠭᠡᠳ ᠣᠳᠬ᠎ᠠ ᠵᠣᠬᠢᠶᠠᠯ ᠤᠨ ᠬᠦᠭᠵᠢᠯᠲᠡ ᠶᠢᠨ ᠰᠣᠲᠣᠯᠣᠨ ᠶᠠᠷᠢᠯᠴᠠᠬᠤ ᠬᠤᠷᠠᠯ ᠵᠢᠴᠢ | ᠲᠣᠮᠲᠠᠲᠣ ᠣᠯᠣᠰ ᠤᠨ ᠮᠣᠩᠭᠤᠯ ᠣᠳᠬ᠎ᠠ ᠵᠣᠬᠢᠶᠠᠯ ᠤᠨ ᠰᠢᠨᠵᠢᠯᠡᠭᠡᠨ ᠤ ᠨᠡᠶᠢᠭᠡᠮᠯᠢᠭ ᠤᠨ 2024 ᠤᠨ ᠤ | ᠡᠭᠡᠯᠵᠢᠲᠦ ᠬᠤᠷᠠᠯ ᠬᠦᠬᠡᠬᠤᠲᠠ ᠳᠤ ᠶᠠᠪᠣᠬᠲᠠᠪᠠ᠃ | ᠬᠤᠷᠠᠯ ᠨᠢ ᠭᠤᠣᠯ ᠰᠡᠳᠦᠪᠲᠦ ᠢᠯᠡᠳᠭᠡᠯ ᠪᠣᠯᠣᠨ ᠰᠠᠯᠪᠣᠷᠢ ᠲᠣᠭᠤᠶᠢᠯᠠᠩ ᠤᠨ ᠢᠯᠡᠳᠭᠡᠯ ᠤᠨ ᠬᠡᠯᠪᠡᠷᠢ ᠪᠠᠷ | ᠶᠠᠪᠣᠬᠲᠠᠵᠦ᠂ ᠲᠣᠮᠲᠠᠲᠣ ᠣᠯᠣᠰ ᠤᠨ ᠨᠡᠶᠢᠭᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ᠂ ᠪᠡᠭᠡᠵᠢᠩ ᠶᠡᠭᠡ | ᠰᠣᠷᠭᠠᠭᠤᠯᠢ᠂ ᠲᠦᠪ ᠤᠨ ᠦᠨᠳᠦᠰᠦᠲᠡᠨ ᠤ ᠶᠡᠭᠡ ᠰᠣᠷᠭᠠᠭᠤᠯᠢ᠂ ᠲᠣᠮᠲᠠᠲᠣ ᠣᠯᠣᠰ ᠤᠨ ᠦᠨᠳᠦᠰᠦᠲᠡᠨ ᠤ | ᠨᠣᠮ ᠤᠨ ᠰᠠᠩ᠂ ᠱᠠᠩᠬᠠᠢ ᠶᠢᠨ ᠪᠠᠭᠰᠢ ᠶᠢᠨ ᠶᠡᠭᠡ ᠰᠣᠷᠭᠠᠭᠤᠯᠢ᠂ ᠲᠢᠶᠠᠨᠵᠢᠨ ᠤ ᠪᠠᠭᠰᠢ ᠶᠢᠨ ᠶᠡᠭᠡ ᠰᠣᠷᠭᠠᠭᠤᠯᠢ | ᠵᠡᠷᠭᠡ ᠣᠷᠣᠨ ᠤ ᠲᠣᠲᠣᠨᠠ ᠭᠠᠲᠠᠨᠠᠬᠢ ᠡᠯ᠎ᠡ ᠶᠡᠭᠡ ᠲᠡᠭᠡᠲᠦ ᠰᠣᠷᠭᠠᠭᠤᠯᠢ ᠪᠣᠯᠣᠨ ᠡᠷᠳᠡᠮ ᠰᠢᠨᠵᠢᠯᠡᠭᠡᠨ ᠤ | ᠪᠠᠶᠢᠭᠤᠯᠣᠮᠵᠢ ᠶᠢᠨ 90 ᠭᠠᠷᠣᠢ ᠡᠷᠳᠡᠮᠲᠡᠨ ᠰᠣᠲᠣᠯᠭᠠᠲᠠᠨ ᠬᠤᠷᠠᠯ ᠳᠤ ᠣᠷᠣᠯᠴᠠᠵᠦ᠂ ︽ᠳ᠋ᠢᠵᠢᠲ᠋ᠠᠯ ᠬᠦᠮᠦᠯᠢᠭ | ᠬᠢᠭᠡᠳ ᠣᠳᠬ᠎ᠠ ᠵᠣᠬᠢᠶᠠᠯ ᠤᠨ ᠬᠦᠭᠵᠢᠯᠲᠡ︾ ᠭᠡᠬᠦ ᠭᠤᠣᠯ ᠰᠡᠳᠦᠪ ᠤᠨ ᠲᠣᠭᠤᠷᠢᠨ ᠳᠤ ᠮᠣᠩᠭᠤᠯ ᠣᠳᠬ᠎ᠠ | ᠵᠣᠬᠢᠶᠠᠯ ᠤᠨ ᠰᠢᠨᠵᠢᠯᠡᠭᠡᠨ ᠤ ᠰᠢᠨ᠎ᠡ ᠰᠡᠳᠬᠢᠴᠡ᠂ ᠰᠢᠨ᠎ᠡ ᠠᠷᠭ᠎ᠠ ᠪᠠᠷᠢᠯ ᠢ ᠰᠣᠲᠣᠯᠣᠨ ᠶᠠᠷᠢᠯᠴᠠᠬᠰᠠᠨ ᠪᠠᠶᠢᠨ᠎ᠠ᠃ | ᠳ᠋ᠢᠵᠢᠲ᠋ᠠᠯ ᠬᠦᠮᠦᠯᠢᠭ ᠤᠨ ᠲᠣᠰᠬᠠᠢ ᠮᠡᠷᠭᠡᠵᠢᠯ ᠪᠣᠯ ᠺᠣᠮᠫᠢᠦ᠋ᠲ᠋ᠤᠷ ᠤᠨ ᠰᠢᠨᠵᠢᠯᠡᠭᠡᠨ ᠤ ᠰᠠᠯᠠᠭ᠎ᠠ ᠬᠢᠭᠡᠳ | ᠬᠦᠮᠦᠯᠢᠭ ᠤᠨ ᠰᠢᠨᠵᠢᠯᠡᠬᠦ ᠣᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠠᠭᠤᠯᠵᠠᠷ ᠤᠨ ᠬᠦᠷᠢᠶ᠎ᠡ ᠴᠠᠷᠠᠭ᠎ᠠ ᠳᠤ | ᠰᠣᠷᠣᠯᠴᠠᠬᠤ᠂ ᠰᠣᠲᠣᠯᠬᠤ᠂ ᠡᠬᠦᠲᠦᠨ ᠪᠦᠲᠦᠭᠡᠬᠦ ᠨᠢᠭᠡ ᠵᠦᠢᠯ ᠤᠨ ᠰᠢᠨ᠎ᠡ ᠰᠢᠨᠵᠢᠯᠡᠭᠡᠨ ᠤ ᠰᠠᠯᠠᠭ᠎ᠠ ᠮᠦᠨ᠃ | ᠲᠡᠷᠡ ᠨᠢ ᠺᠣᠮᠫᠢᠦ᠋ᠲ᠋ᠤᠷ ᠤᠨ ᠰᠢᠨᠵᠢᠯᠡᠬᠦ ᠣᠬᠠᠭᠠᠨ ᠪᠣᠯᠣᠨ ᠬᠦᠮᠦᠯᠢᠭ ᠤᠨ ᠰᠢᠨᠵᠢᠯᠡᠬᠦ ᠣᠬᠠᠭᠠᠨ ᠤ ᠰᠣᠯᠪᠢᠴᠠᠯ ᠤᠨ | ᠬᠦᠷᠢᠶ᠎ᠠ ᠪᠠᠷ ᠰᠣᠲᠣᠯᠣᠬᠲᠠᠬᠤᠨ ᠢᠢᠡᠨ ᠪᠣᠯᠭᠠᠵᠦ᠂ ᠳ᠋ᠢᠵᠢᠲ᠋ᠠᠯ ᠬᠦᠮᠦᠯᠢᠭ ᠤᠨ ᠡᠩ ᠤᠨ ᠵᠢᠮ᠎ᠡ ᠶᠣᠰᠣ ᠶᠢ | ᠰᠢᠰᠲ᠋ᠤᠮ ᠲᠠᠢ ᠰᠣᠲᠣᠯᠬᠤ᠂ ᠳ᠋ᠢᠵᠢᠲ᠋ᠠᠯ ᠬᠦᠮᠦᠯᠢᠭ ᠤᠨ ᠣᠨᠣᠯ ᠤᠨ ᠰᠢᠰᠲ᠋ᠤᠮ ᠢ ᠪᠠᠶᠢᠭᠤᠯᠬᠤ᠂ ᠺᠣᠮᠫᠢᠦ᠋ᠲ᠋ᠤᠷ ᠤᠨ | ᠵᠦᠭᠡᠯᠡᠨ ᠲᠣᠨᠤᠬ ᠠᠵᠢᠯᠯᠠᠬᠤ ᠰᠢᠰᠲ᠋ᠤᠮ ᠪᠠ ᠳ᠋ᠢᠵᠢᠲ᠋ᠠᠯ ᠦᠢᠯᠡᠳᠬᠦᠨ ᠢ ᠰᠣᠲᠣᠯᠣᠨ ᠨᠡᠭᠡᠭᠡᠬᠦ ᠭᠡᠬᠦ ᠮᠡᠲᠦ ᠶᠢᠨ | ᠲᠣᠭᠠᠴᠢᠯᠠᠬᠰᠠᠨ ᠮᠡᠷᠭᠡᠵᠢᠯ ᠪᠠ ᠬᠦᠮᠦᠯᠢᠭ ᠰᠣᠶᠣᠯ ᠢ ᠡᠵᠡᠮᠰᠢᠭᠰᠡᠨ ᠰᠢᠨ᠎ᠡ ᠶᠢ ᠡᠬᠦᠳᠬᠦ ᠴᠢᠲᠠᠪᠣᠷᠢᠲᠠᠨ ᠢ | ᠬᠦᠮᠦᠵᠢᠬᠦᠯᠬᠦ ᠪᠠᠷ ᠵᠣᠷᠢᠯᠭ᠎ᠠ ᠪᠣᠯᠭᠠᠲᠠᠬ᠃ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠮᠣᠩᠭᠤᠯ | ᠰᠣᠲᠣᠯᠣᠯ ᠤᠨ ᠲᠡᠭᠡᠲᠦ ᠰᠣᠷᠭᠠᠭᠤᠯᠢ ᠣᠷᠲᠣ ᠬᠤᠭᠤᠴᠠᠭᠠᠨ ᠤ ᠬᠤᠷᠠᠮᠲᠣᠭᠤᠯᠭᠠ ᠶᠢᠨ ᠰᠠᠭᠤᠷᠢᠨ ᠲᠡᠭᠡᠷ᠎ᠡ 2022 | ᠤᠨ ᠳᠤ ᠪᠦᠬᠦ ᠣᠯᠣᠰ ᠤᠨ ᠠᠩᠬᠠᠲᠠᠬᠴᠢ ᠳ᠋ᠢᠵᠢᠲ᠋ᠠᠯ ᠬᠦᠮᠦᠯᠢᠭ ᠤᠨ ᠵᠢᠩᠬᠢᠨᠢ ᠠᠩᠬᠢ ᠶᠢᠨ ᠲᠣᠰᠬᠠᠢ ᠮᠡᠷᠭᠡᠵᠢᠯ ᠢ | ᠠᠮᠵᠢᠯᠲᠠ ᠲᠠᠢ ᠭᠤᠶᠣᠴᠢᠯᠠᠵᠦ᠂ ᠰᠣᠷᠭᠠᠨ ᠬᠦᠮᠦᠵᠢᠯ ᠤᠨ ᠶᠠᠮᠣᠨ ᠢᠢᠡᠷ ᠵᠦᠪᠰᠢᠶᠡᠷᠡᠬᠦᠯᠦᠭᠰᠡᠨ ᠪᠠᠶᠢᠨ᠎ᠠ᠃ ︽ | ᠲᠣᠭᠠᠵᠢᠭᠤᠯᠬᠤ ᠮᠡᠷᠭᠡᠵᠢᠯ ᠪᠣᠯ ᠬᠦᠮᠦᠨ ᠲᠦᠷᠦᠯᠬᠢᠲᠡᠨ ᠤ ᠨᠢᠭᠡ ᠵᠦᠢᠯ ᠤᠨ ᠴᠣ ᠰᠢᠨ᠎ᠡ ᠰᠡᠳᠬᠢᠬᠦ ᠬᠡᠯᠪᠡᠷᠢ᠂ | ᠢᠯᠡᠳᠭᠡᠬᠦ ᠬᠡᠯᠪᠡᠷᠢ᠂ ᠬᠦᠣᠷᠨᠢᠬᠦ ᠬᠡᠯᠪᠡᠷᠢ ᠪᠣᠯᠣᠨ᠎ᠠ᠃ ᠳ᠋ᠢᠵᠢᠲ᠋ᠠᠯ ᠣᠳᠬ᠎ᠠ ᠵᠣᠬᠢᠶᠠᠯ ᠨᠢ ᠴᠠᠭᠠᠰᠣᠨ ᠬᠡᠪᠯᠡᠭᠲᠡᠬᠦᠨ ᠤ | ᠪᠠᠭᠲᠠᠭᠠᠮᠵᠢ ᠬᠢᠭᠡᠳ ᠦᠰᠦᠭ ᠪᠢᠴᠢᠭ ᠢᠢᠡᠷ ᠲᠡᠮᠲᠡᠭᠯᠡᠨ ᠬᠦᠦᠷᠨᠢᠬᠦ ᠬᠡᠯᠪᠡᠷᠢ ᠶᠢ ᠢᠯᠠᠨ ᠲᠠᠪᠠᠵᠦ᠂ | ᠺᠣᠮᠫᠢᠦ᠋ᠲ᠋ᠤᠷ ᠤᠨ ᠬᠡᠲᠦ ᠬᠤᠯᠪᠣᠯᠲᠤᠬᠤ ᠴᠢᠲᠠᠮᠵᠢ ᠪᠠᠷ ᠣᠳᠬ᠎ᠠ ᠵᠣᠬᠢᠶᠠᠯ ᠤᠨ ᠲᠡᠦᠬᠡᠨ ᠮᠠᠲ᠋ᠤᠷᠢᠶᠠᠯ ᠢ ᠲᠠᠭᠤ | ᠲᠣᠯᠬᠢᠶᠠᠨ᠂ ᠵᠢᠷᠤᠬ ᠲᠦᠷᠰᠦ᠂ ᠪᠣᠲᠠᠲᠣ ᠪᠣᠲᠠᠰ᠂ ᠦᠵᠡᠮᠵᠢ ᠲᠠᠯᠠᠪᠣᠷ ᠵᠡᠷᠭᠡ ᠣᠯᠠᠨ ᠠᠷᠭ᠎ᠠ ᠬᠡᠯᠪᠡᠷᠢ ᠪᠠᠷ | ᠦᠵᠡᠬᠦᠯᠬᠦ ᠪᠣᠯᠣᠨ᠎ᠠ︾ ᠭᠡᠵᠦ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠮᠣᠩᠭᠤᠯ | ᠰᠣᠲᠣᠯᠣᠯ ᠤᠨ ᠲᠡᠭᠡᠲᠦ ᠰᠣᠷᠭᠠᠭᠤᠯᠢ ᠶᠢᠨ ᠵᠠᠬᠢᠷᠣᠯ ᠮᠠᠨ ᠴᠢᠣᠸᠠᠨ ᠶᠠᠷᠢᠵᠦ ᠪᠠᠶᠢᠯ᠎ᠠ᠃ | ᠬᠤᠷᠠᠯ ᠤᠨ ᠡᠬᠢᠯᠡᠯᠲᠡ ᠶᠢᠨ ᠶᠣᠰᠣᠯᠠᠯ ᠲᠡᠭᠡᠷ᠎ᠡ ᠪᠠᠰᠠ ︽ᠮᠣᠩᠭᠤᠯ ᠵᠣᠬᠢᠶᠠᠯᠴᠢᠳ ᠤᠨ ᠵᠣᠬᠢᠶᠠᠯ ᠤᠨ ᠰᠢᠯᠢᠮᠡᠯ︾ | ᠨᠣᠮ ᠢ ᠠᠩᠬ᠎ᠠ ᠲᠠᠷᠬᠠᠭᠠᠬᠰᠠᠨ ᠪᠠᠶᠢᠨ᠎ᠠ᠃ | |