ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ | ᠣᠷᠳᠣᠰ ᠬᠤᠲᠠ ᠶᠢᠨ ᠤᠯᠠᠭᠠᠨᠮᠥ᠋ᠴᠢᠷ ᠪᠣᠯᠤᠨ ᠪᠡᠭᠡᠵᠢᠩ ᠤᠨ ᠪᠦᠦ ᠯᠢ ᠵᠦᠴᠦᠭᠡ ᠢᠢᠨ ᠬᠦᠷᠢᠶᠡᠯᠡᠩ ᠠᠴᠠ | ᠬᠠᠮᠲᠤᠷᠠᠨ ᠦᠢᠯᠡᠳᠦᠭᠰᠡᠨ ᠪᠥᠵᠢᠭᠲᠦ ᠵᠦᠴᠦᠭᠡ ︽ᠴᠣᠭᠤᠷ ᠤᠨ ᠠᠷᠪᠠᠨ ᠨᠠᠢᠮᠠᠨ ᠠᠶᠠᠯᠭᠤ︾ ᠶᠢ ᠣᠷᠳᠣᠰ ᠬᠤᠲᠠ | ᠢᠢᠨ ᠤᠯᠠᠭᠠᠨᠮᠥ᠋ᠴᠢᠷ ᠤᠨ ᠬᠢᠨ 3 ᠰᠠᠷ᠎ᠠ ᠶᠢᠨ 1 — 2 ᠤᠨ ᠡᠳᠤᠷ ᠪᠤᠯᠳᠠᠯ᠎ᠠ ᠪᠡᠬᠡᠵᠢᠩ ᠳᠠᠬᠢ ᠤᠯᠤᠰ ᠤᠨ | ᠲᠤᠮᠤ ᠲᠢᠶᠠᠲᠷ ᠲᠤ ᠲᠣᠭᠯᠠᠪᠠ᠃ ᠲᠤᠰ ᠵᠦᠴᠦᠭᠡ ᠨᠢ ᠬᠠᠨ ᠤᠯᠤᠰ ᠤᠨ ᠳᠠᠰᠤᠷᠬᠠᠢ ᠠᠪᠢᠶᠠᠰ ᠪᠢᠯᠢᠭᠳᠦ ᠪᠦᠰᠡᠬᠦᠢ | ᠼᠠᠢ ᠸᠧᠨ ᠵᠢᠶ ᠶᠢᠨ ᠦᠯᠢᠬᠡᠷ ᠲᠡᠥᠬᠡ ᠪᠠᠷ ᠰᠡᠳᠦᠪᠯᠡᠨ᠂ ᠲᠡᠦᠬᠡ ᠶᠢᠨ ᠬᠦᠦᠷᠨᠢᠯ ᠢᠶᠠᠷ ᠤᠮᠠᠷᠠᠲᠤ ᠬᠢᠯᠢ ᠶᠢᠨ | ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠵᠠᠯᠭᠠᠮᠵᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ | ᠢᠢᠨ ᠴᠣᠭᠴᠠ ᠢᠢᠨ ᠤᠬᠠᠮᠰᠠᠷ ᠢ ᠪᠠᠲᠤ ᠴᠣᠭᠴᠠᠯᠠᠭᠰᠠᠨ ᠦᠯᠢᠭᠡᠷ ᠢ ᠶᠠᠷᠢᠵᠠᠢ᠃ | ᠰᠤᠳᠤᠯᠭᠠᠳᠠᠳ ᠤᠨ ᠭᠡᠷᠡᠴᠢᠯᠡᠭᠰᠡᠨ ᠢᠶᠠᠷ᠂ ᠵᠡᠬᠦᠨ ᠬᠠᠨ ᠤᠯᠤᠰ ᠤᠨ ᠼᠠᠢ ᠶᠢᠨ ᠵᠢᠶ ᠾᠦᠩᠨᠦ ᠶᠢᠨ ᠮᠧᠶ ᠵᠢᠶ | ᠴᠧᠩ ᠬᠤᠳᠠ ︵ᠣᠳᠣ ᠶᠢᠨ ᠣᠷᠳᠣᠰ ᠬᠤᠳᠠ︶ ᠳᠤ 12 ᠵᠢᠯ ᠠᠮᠢᠳᠤᠷᠠᠭᠰᠠᠨ ᠪᠥᠭᠡᠳ ᠾᠦᠩᠨᠦ ᠶᠢᠨ ᠽᠦᠸᠧ | ᠰᠢᠶᠠᠨ ᠸᠠᠩ ᠲᠠᠢ ᠤᠷᠤᠭᠯᠠᠨ ᠬᠤᠶᠠᠷ ᠬᠡᠦᠬᠡᠳ ᠲᠠᠢ ᠪᠤᠯᠵᠠᠢ᠃ ᠤᠳᠠᠭᠠᠨ ᠵᠢᠯ ᠤᠨ ᠲᠤᠷᠰᠢ ︽ᠸᠤᠨ ᠵᠢᠶ ᠬᠠᠨ | ᠤᠯᠤᠰ ᠲᠤ ᠪᠤᠴᠠᠭᠰᠠᠨ︾ ᠳᠠᠭᠤᠷᠢᠰᠬᠠᠯᠳᠦ ᠦᠯᠢᠭᠡᠷ ᠦᠷᠭᠡᠨ ᠳᠡᠯᠬᠡᠷ ᠢᠶᠠᠷ ᠤᠯᠠᠮᠵᠢᠯᠠᠭᠳᠠᠨ ᠮᠠᠭᠲᠠᠭᠳᠠᠭᠰᠠᠭᠠᠷ | ᠢᠷᠡᠵᠤ᠂ ᠠᠪᠢᠶᠠᠰ ᠪᠢᠯᠢᠭᠲᠡᠨ ᠼᠠᠢ ᠸᠧᠨ ᠵᠢᠶ ᠥᠪᠡᠷ ᠤᠨ ᠨᠤᠭᠤᠷᠠᠯ ᠪᠦᠳᠦᠷᠢᠯ ᠲᠠᠢ᠂ ᠭᠠᠰᠢᠭᠤᠨ ᠵᠣᠪᠠᠭᠤᠷᠢᠲᠠᠶ | ᠠᠮᠢᠳᠤᠷᠠᠯ ᠤᠨ ᠵᠠᠮ ᠢᠶᠠᠨ ᠤᠷᠠᠨ ᠪᠦᠲᠦᠭᠡᠯ ᠳᠡᠭᠡᠨ ᠠᠭᠤᠰᠬᠠᠨ᠂ ᠳᠡᠯᠡᠬᠡᠶ ᠳ᠋ᠠᠬᠢᠨ ᠢ ᠳᠣᠩᠰᠣᠯᠭᠠᠭᠰᠠᠨ ︽ | ᠴᠤᠭᠤᠷ ᠤᠨ ᠠᠷᠪᠠᠨ ᠨᠠᠢᠮᠠᠨ ᠠᠶᠠᠯᠭᠤ︾ ᠪᠠᠨ ᠵᠣᠬᠢᠶᠠᠨ ᠪᠦᠲᠦᠭᠡᠭᠰᠡᠨ ᠶᠤᠮ᠃ ᠪᠥᠵᠢᠭᠲᠦ ᠵᠦᠴᠦᠭᠡ ︽ | ᠴᠣᠭᠤᠷ ᠤᠨ ᠠᠷᠪᠠᠨ ᠨᠠᠢᠮᠠᠨ ᠠᠶᠠᠯᠭᠤ︾ ᠨᠢ ᠴᠣ ᠰᠢᠨ᠎ᠡ ᠬᠠᠷᠠᠭᠠᠰᠤ ᠠᠴᠠ 2000 ᠭᠠᠷᠤᠶ ᠵᠢᠯ ᠤᠨ ᠡᠮᠦᠨᠡᠬᠢ | ᠲᠡᠶᠢᠨ ᠤ ᠭᠠᠯ ᠳᠦᠷᠡᠯᠵᠡᠭᠰᠡᠨ ᠤᠨ ᠴᠠᠭ ᠲᠤ ᠠᠮᠢᠳᠤᠷᠠᠵᠦ ᠪᠠᠶᠢᠭᠰᠠᠨ ᠼᠠᠢ ᠶᠢᠨ ᠵᠢᠶ ᠶᠢᠨ ᠨᠤᠭᠤᠷᠠᠯ ᠪᠦᠳᠦᠷᠢᠯ ᠢ | ᠦᠵᠡᠬᠦᠯᠦᠭᠰᠡᠨ ᠮᠦᠷᠳᠡᠭᠡᠨ ᠼᠠᠢ ᠸᠧᠨ ᠵᠢᠶ ᠶᠢᠨ ᠨᠢᠭᠡ ᠨᠠᠰᠤᠨ ᠤ ᠬᠠᠶᠢᠷ᠎ᠠ ᠬᠤᠷᠣᠰᠤᠯ ᠤᠨ ᠵᠠᠭᠤᠷᠠᠯᠳᠤᠭᠠᠨ ᠪᠠ | ᠦᠨᠳᠦᠰᠦᠲᠡᠨ ᠤ ᠠᠭᠤᠰᠤᠯᠴᠠᠯ ᠢ ᠠᠬᠢᠭᠤᠯᠤᠭᠰᠠᠨ ᠬᠤᠶᠠᠷ ᠦᠯᠢᠭᠡᠷ ᠤᠨ ᠰᠦᠪᠡᠭᠴᠢ ᠳᠤ ᠠᠩᠬᠠᠷᠤᠯ ᠢᠶᠠᠨ | ᠬᠠᠨᠳᠤᠭᠤᠯᠵᠤ᠂ ᠤᠷᠪᠠᠭᠠᠨ ᠬᠥᠷᠪᠡᠭᠡᠨ ᠲᠠᠢ᠂ ᠬᠥᠮᠦᠰ ᠤᠨ ᠰᠡᠳᠭᠢᠯ ᠢ ᠬᠥᠳᠡᠯᠭᠡᠮ᠎ᠡ ᠵᠦᠴᠦᠭᠡ ᠶᠢᠨ ᠥᠯᠢᠭᠡᠷ ᠢ | ᠵᠣᠬᠢᠶᠠᠨ ᠪᠦᠲᠦᠭᠡᠵᠡᠢ᠃ ᠵᠦᠴᠦᠭᠡ ᠶᠢ ᠵᠤᠬᠢᠶᠠᠨ ᠪᠦᠳᠦᠭᠡᠬᠦ ᠪᠠᠭ ᠤᠨ ᠬᠢᠨ ᠪᠥᠵᠢᠭᠲᠦ ᠵᠦᠴᠦᠭᠡ ᠶᠢᠨ | ᠬᠤᠰᠢᠭᠤᠴᠢ ᠵᠣᠬᠢᠶᠠᠨ ᠪᠦᠲᠦᠭᠡᠯᠭᠡ ᠶᠢᠨ ᠦᠵᠡᠯ ᠰᠠᠨᠠᠭ᠎ᠠ ᠶᠢ ᠤᠮᠠᠷᠠᠲᠤ ᠬᠢᠯᠢ ᠶᠢᠨ ᠰᠣᠶᠣᠯ ᠲᠠᠢ | ᠠᠭᠤᠰᠤᠯᠴᠠᠭᠤᠯᠵᠤ᠂ ᠳᠠᠭᠤᠤ ᠬᠥᠭᠵᠢᠮ᠂ ᠳᠠᠶᠢᠰᠠᠨ ᠤ ᠵᠠᠰᠠᠯ ᠤᠷᠠᠯᠠᠯ᠂ ᠬᠤᠪᠴᠠᠰᠤ ᠬᠤᠨᠠᠷ᠂ ᠪᠠᠭᠠᠵᠢ ᠬᠡᠷᠡᠭᠰᠡᠯ | ᠵᠡᠷᠭᠡ ᠲᠠᠯ᠎ᠠ ᠪᠠᠷ ᠰᠢᠷᠭᠠᠭᠠᠨ ᠪᠤᠯᠪᠠᠰᠤᠷᠠᠭᠤᠯᠵᠦ᠂ ᠵᠦᠴᠦᠭᠡ ᠶᠢᠨ ᠥᠪᠡᠷᠮᠢᠴᠡ ᠤᠷᠠᠯᠢᠭ ᠤᠨ ᠷᠢᠳᠢ ᠰᠢᠳᠢ ᠶᠢ | ᠪᠠᠳᠠᠷᠠᠭᠤᠯᠪᠠ᠃ | 2023 ᠣᠨ ᠤ 10 ᠰᠠᠷ᠎ᠠ ᠳᠤ ᠠᠩᠬ᠎ᠠ ᠲᠣᠭᠯᠠᠭᠰᠠᠨ ᠠᠴᠠ ᠨᠠᠭᠠᠰᠢ ᠪᠥᠵᠢᠭᠲᠦ ᠵᠦᠴᠦᠭᠡ ︽ᠴᠣᠭᠤᠷ ᠤᠨ | ᠠᠷᠪᠠᠨ ᠨᠠᠢᠮᠠᠨ ᠠᠶᠠᠯᠭᠤ︾ ᠨᠢ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠤᠷᠠᠯᠢᠭ ᠤᠨ ᠰᠤᠳᠤᠨ | ᠰᠢᠨᠵᠢ ᠪᠠᠷ ᠢᠶᠠᠨ ᠨᠡᠶᠢᠭᠡᠮ ᠨᠡᠶᠢᠳᠡ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃ ᠲᠤᠰ ᠵᠦᠴᠦᠭᠡ | 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠤᠯ ᠰᠡᠳᠦᠪᠲᠦ | ᠤᠳᠭ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠷᠥᠯ ᠵᠦᠢᠯ᠂ ᠪᠡᠭᠡᠵᠢᠩ ᠬᠤᠲᠠ ᠢᠢᠨ ᠲᠣᠭᠯᠠᠯᠲᠠ ᠢᠢᠨ | ᠤᠷᠠᠯᠢᠭ ᠤᠨ ᠦᠢᠯᠡᠴᠢᠯᠡᠭᠡᠨ ᠤ ᠲᠠᠪᠴᠠᠩ ᠤᠨ ᠰᠣᠳᠣᠨ ᠲᠣᠭᠯᠠᠯᠲᠠ ᠶᠢᠨ ᠲᠥᠷᠥᠯ ᠵᠦᠢᠯ᠂ ᠤᠯᠤᠰ ᠤᠨ | ᠤᠷᠠᠯᠢᠭ ᠤᠨ ᠰᠠᠭᠤᠷᠢ ᠮᠦᠩᠬᠦ ᠶᠢᠨ 2025 ᠤᠨ ᠤ ᠳᠡᠳᠬᠦᠨ ᠳᠡᠮᠵᠢᠬᠦ ᠲᠦᠷᠦᠯ ᠵᠦᠢᠯ ᠳᠤ ᠰᠣᠩᠭᠤᠭᠳᠠᠵᠤ᠂ | ᠤᠷᠢᠳ ᠬᠤᠵᠢᠳ ᠮᠦᠭᠳᠡᠨ᠂ ᠹᠦᠵᠧᠦ᠂ ᠰᠢᠶᠠᠮᠧᠨ᠂ ᠨᠠᠨᠨᠢᠩ᠂ ᠨᠠᠨᠲ᠋ᠦ᠋ᠩ᠂ ᠰᠦᠵᠧᠦ᠂ ᠴᠦᠩᠴᠢᠩ ᠵᠡᠷᠭᠡ 10 | ᠭᠠᠷᠤᠢ ᠬᠤᠲᠠ ᠳᠤ 27 ᠳᠠᠯᠠᠪᠠᠢ ᠲᠤᠭᠯᠠᠯᠳᠠ ᠭᠠᠷᠭᠠᠨ᠂ ᠤᠮᠠᠷᠠᠳᠦ ᠬᠢᠯᠢ ᠶᠢᠨ ᠲᠡᠥᠬᠡ ᠰᠤᠶᠤᠯ ᠤᠨ ᠡᠴᠢᠨ᠎ᠠ | ᠭᠠᠶᠢᠬᠠᠮᠰᠢᠭ ᠵᠢᠴᠢ ᠦᠨᠳᠦᠰᠦᠳᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠬᠠᠷᠠᠭᠤᠯᠵᠦ᠂ ᠪᠦᠬᠦ ᠤᠯᠤᠰ ᠤᠨ | ᠦᠵᠡᠭᠴᠢᠳ ᠤᠨ ᠬᠦᠷᠢᠶᠡᠯᠡᠯ ᠢ ᠤᠯᠤᠭᠰᠠᠨ ᠪᠠᠶᠢᠨ᠎ᠠ᠃ |