90.2 ᠳ᠋ᠦᠩᠰᠢᠭᠤᠷ ᠬᠥᠮᠥᠨ ᠤᠳᠠᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2025/3/6
   23 ᠤ ᠡᠳᠦᠷ 2025 ᠣᠨ ᠤ ᠶᠡᠷᠦᠩᠬᠡᠶᠢᠯᠡᠭᠰᠡᠨ ᠵᠦᠭᠡᠭᠡᠪᠦᠷᠢ ᠶᠢᠨ ᠴᠠᠭᠠᠨ ᠰᠠᠷ᠎ᠠ ᠶᠢᠨ ᠵᠦᠭᠡᠭᠡᠪᠦᠷᠢ ᠶᠢᠨ ᠠᠵᠢᠯ ᠤᠨ ᠲᠤᠰᠬᠠᠢ ᠠᠩᠭᠢ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠵᠦᠭᠡᠭᠡᠪᠦᠷᠢ ᠶᠢᠨ 40 ᠡᠳᠦᠷ ︵2025 ᠣᠨ ᠤ 1 ᠰᠠᠷ᠎ᠠ ᠶᠢᠨ 14 ᠤ ᠡᠳᠦᠷ ᠠᠴᠠ 2 ᠰᠠᠷ᠎ᠠ ᠶᠢᠨ 22 ᠤᠨ ᠡᠳᠦᠷ ᠪᠣᠯᠲᠠᠯ᠎ᠠ︶᠂ ᠪᠥᠬᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ 90.2 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ 2024 ᠣᠨ ᠤ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃   ᠪᠣᠳᠠᠲᠠᠢ ᠪᠠᠷ ᠦᠵᠡᠪᠡᠯ᠂ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢᠯᠡᠯᠲᠡ ᠶᠢᠨ ᠬᠡᠮᠵᠢᠶ᠎ᠡ 5.1 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ︔ ᠵᠠᠰᠠᠮᠠᠯ ᠵᠠᠮ ᠤᠨ ᠬᠥᠮᠥᠰ ᠤᠨ ᠨᠡᠭᠦᠳᠡᠯ ᠤᠨ ᠬᠡᠮᠵᠢᠶ᠎ᠡ 83.9 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ︵ᠡᠭᠦᠨ ᠳᠤ ᠥᠪᠡᠷ ᠢᠶᠠᠨ ᠲᠡᠷᠭᠡ ᠵᠢᠯᠤᠭᠤᠳᠴᠤ ᠭᠠᠳᠠᠭᠰᠢ ᠭᠠᠷᠤᠭᠰᠠᠨ ᠬᠡᠮᠵᠢᠶ᠎ᠡ 71.7 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠵᠠᠰᠠᠮᠠᠯ ᠵᠠᠮ ᠤᠨ ᠡᠵᠡᠩᠨᠡᠯᠲᠡ ᠶᠢᠨ ᠴᠢᠨᠠᠷᠲᠠᠢ ᠠᠶᠠᠨᠴᠢᠳ ᠤᠨ ᠵᠦᠭᠡᠭᠡᠪᠦᠷᠢ ᠶᠢᠨ ᠬᠡᠮᠵᠢᠶ᠎ᠡ 12.2 ᠳ᠋ᠦᠩᠰᠢᠭᠤᠷ ᠬᠥᠮᠥᠨ ᠤᠳᠠᠭ᠎ᠠ ᠳᠤ ᠬᠦᠷᠴᠡᠢ︶ ᠢᠶᠠᠷ ᠨᠡᠮᠡᠭᠳᠡᠪᠡ︔ ᠤᠰᠤᠨ ᠵᠠᠮ ᠤᠨ ᠠᠶᠠᠨᠴᠢᠳ ᠤᠨ ᠵᠥᠭᠡᠭᠡᠪᠦᠷᠢᠯᠡᠯᠲᠡ ᠶᠢᠨ ᠬᠡᠮᠵᠢᠶ᠎ᠡ 3121 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠠᠷᠠᠳ ᠤᠨ ᠠᠭᠠᠷ ᠤᠨ ᠵᠦᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢᠯᠡᠯᠲᠡ ᠶᠢᠨ ᠬᠡᠮᠵᠢᠶ᠎ᠡ 9020 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号