ᠨᠠᠮᠤᠷ ᠤᠨ ᠤᠯᠠᠷᠢᠯ ᠳᠤ ᠠᠭᠤᠷ ᠠᠮᠢᠰᠬᠤᠯ ᠬᠦᠢᠲᠡᠷᠡᠵᠦ᠂ ᠤᠰᠤᠨ ᠤ ᠳᠤᠯᠠᠭᠠᠨ ᠳᠣᠷᠣᠭᠰᠢᠯᠠᠨ᠂ ᠬᠡᠰᠡᠭ | ᠭᠠᠵᠠᠷ ᠣᠷᠣᠨ ᠤ ᠳᠤᠯᠠᠭᠠᠨ ᠤ ᠬᠡᠮᠵᠢᠶ᠎ᠡ ᠭᠡᠨᠡᠳᠲᠡ ᠪᠠᠭᠤᠷᠠᠵᠤ᠂ ᠤᠰᠤᠨ ᠤ ᠣᠷᠴᠢᠨ ᠲᠣᠭᠤᠷᠢᠨ ᠤ ᠬᠤᠪᠢᠷᠠᠯᠲᠠ | ᠶᠡᠭᠡ ᠮᠥᠷᠲᠡᠭᠡᠨ ᠪᠤᠳᠤᠯᠢᠶᠠᠨᠲᠠᠢ ᠪᠠᠶᠢᠵᠤ᠂ ᠤᠰᠤᠨ ᠤ ᠭᠠᠷᠤᠯᠲᠠ ᠶᠢᠨ ᠠᠮᠢᠲᠠᠨ ᠤ ᠡᠪᠡᠳᠴᠢᠯᠡᠬᠦ ᠨᠣᠷᠮ᠎ᠠ ᠪᠠ | ᠦᠬᠦᠬᠦ ᠨᠣᠷᠮ᠎ᠠ ᠨᠡᠯᠢᠶᠡᠳ ᠥᠨᠳᠥᠷ ᠪᠤᠯᠳᠠᠭ᠃ ᠨᠠᠮᠤᠷ ᠤᠨ ᠤᠯᠠᠷᠢᠯ ᠤᠨ ᠤᠰᠤᠨ ᠤ ᠭᠠᠷᠤᠯᠲᠠ ᠶᠢᠨ ᠲᠡᠵᠢᠭᠡᠨ | ᠦᠷᠡᠵᠢᠭᠦᠯᠬᠦ ᠦᠢᠯᠡᠳᠪᠦᠷᠢᠯᠡᠯ ᠤᠨ ᠬᠠᠮᠢᠶᠠᠷᠤᠯᠲᠠ ᠶᠢ ᠰᠠᠶᠢᠲᠤᠷ ᠬᠢᠬᠦ ᠪᠣᠯ ᠲᠡᠵᠢᠭᠡᠨ ᠦᠷᠡᠵᠢᠭᠦᠯᠬᠦ ᠦᠢᠯᠡᠰ ᠤᠨ | ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠵᠠᠩᠭᠢᠯᠠᠭ᠎ᠠ ᠪᠣᠯᠣᠨ᠎ᠠ᠃ 1. | ᠢᠳᠡᠰᠢ ᠶᠢᠨ ᠬᠠᠮᠢᠶᠠᠷᠤᠯᠲᠠ᠄ ᠨᠠᠮᠤᠷ ᠤᠨ ᠡᠬᠢᠨ ᠤ ᠬᠤᠭᠤᠴᠠᠭᠠᠨ ᠳᠤ ᠠᠭᠤᠷ ᠠᠮᠢᠰᠬᠤᠯ ᠬᠦᠢᠲᠡᠷᠡᠵᠦ᠂ ᠤᠰᠤᠨ ᠤ | ᠳᠤᠯᠠᠭᠠᠨ ᠨᠢ ᠲᠡᠵᠢᠭᠡᠨ ᠦᠷᠡᠵᠢᠭᠦᠯᠬᠦ ᠵᠢᠭᠠᠰᠤᠨ ᠤ ᠲᠥᠷᠥᠯ ᠤᠨ ᠲᠦᠷᠭᠡᠨ ᠪᠤᠶᠢᠵᠢᠯᠲᠠ ᠳᠤ ᠲᠣᠬᠢᠷᠠᠨ᠎ᠠ᠂ | ᠲᠡᠵᠢᠭᠡᠬᠦ ᠳᠡᠭᠡᠨ ︽ᠳᠥᠷᠪᠡ ᠶᠢ ᠲᠣᠭᠲᠠᠭᠠᠬᠤ︾ ᠵᠠᠷᠴᠢᠮ ︵ᠴᠢᠨᠠᠷ ᠢ ᠲᠣᠭᠲᠠᠭᠠᠬᠤ᠂ ᠬᠡᠮᠵᠢᠶ᠎ᠡ ᠶᠢ ᠲᠣᠭᠲᠠᠭᠠᠬᠤ᠂ | ᠲᠣᠭᠲᠠᠭᠰᠠᠨ ᠴᠡᠭ ᠢ ᠲᠣᠭᠲᠠᠭᠠᠬᠤ᠂ ᠲᠣᠭᠲᠠᠭᠰᠠᠨ ᠴᠠᠭ ᠢ ᠲᠣᠭᠲᠠᠭᠠᠬᠤ︶ ᠶᠣᠰᠣᠭᠠᠷ ᠶᠠᠪᠤᠭᠳᠠᠭᠤᠯᠤᠨ᠎ᠠ᠃ | ᠢᠳᠡᠭᠦᠯᠬᠦ ᠤᠳᠠᠭ᠎ᠠ ᠪᠠ ᠢᠳᠡᠭᠦᠯᠬᠦ ᠬᠡᠮᠵᠢᠶ᠎ᠡ ᠶᠢ ᠴᠠᠭ ᠠᠭᠤᠷ᠂ ᠤᠰᠤᠨ ᠤ ᠳᠤᠯᠠᠭᠠᠨ᠂ ᠲᠡᠵᠢᠭᠡᠨ ᠦᠷᠡᠵᠢᠭᠦᠯᠬᠦ | ᠤᠰᠤᠨ ᠴᠣᠭᠴᠠ ᠶᠢᠨ ᠤᠰᠤᠨ ᠤ ᠴᠢᠨᠠᠷ᠂ ᠲᠡᠵᠢᠭᠡᠨ ᠦᠷᠡᠵᠢᠭᠦᠯᠬᠦ ᠵᠢᠭᠠᠰᠤᠨ ᠤ ᠲᠥᠷᠥᠯ ᠤᠨ ᠢᠳᠡᠰᠢᠯᠡᠬᠦ | ᠪᠠᠶᠢᠳᠠᠯ ᠵᠡᠷᠭᠡ ᠶᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠢᠳᠡᠭᠦᠯᠬᠦ ᠬᠡᠮᠵᠢᠶ᠎ᠡ ᠶᠢ ᠲᠡᠵᠢᠭᠡᠨ | ᠦᠷᠡᠵᠢᠭᠦᠯᠵᠦ ᠪᠠᠶᠢᠭ᠎ᠠ ᠵᠢᠭᠠᠰᠤᠨ ᠤ ᠲᠥᠷᠥᠯ ᠤᠨ 7 — 8 ᠬᠤᠪᠢ ᠶᠢᠨ ᠴᠠᠳᠬᠤ ᠬᠡᠮᠵᠢᠶᠡᠨ ᠳᠤ ᠬᠦᠷᠦᠭᠦᠯᠪᠡᠯ | ᠵᠣᠬᠢᠨ᠎ᠠ᠃ ᠨᠠᠮᠤᠷ ᠤᠨ ᠳᠤᠮᠳᠠᠴᠢ ᠰᠡᠭᠦᠯᠴᠢ ᠪᠤᠯᠵᠤ ᠤᠰᠤᠨ ᠤ ᠳᠤᠯᠠᠭᠠᠨ ᠠᠭᠠᠵᠢᠮ ᠢᠶᠠᠷ ᠪᠠᠭᠤᠷᠠᠬᠤ ᠳᠤ | ᠵᠢᠭᠠᠰᠤᠨ ᠤ ᠢᠳᠡᠰᠢᠯᠡᠬᠦ ᠬᠡᠮᠵᠢᠶ᠎ᠡ ᠴᠦ ᠪᠠᠭᠠᠰᠳᠠᠭ ᠲᠤᠯᠠ ᠢᠳᠡᠭᠦᠯᠬᠦ ᠤᠳᠠᠭ᠎ᠠ ᠪᠠ ᠢᠳᠡᠭᠦᠯᠬᠦ ᠬᠡᠮᠵᠢᠶ᠎ᠡ ᠶᠢ | ᠪᠠᠭᠠᠰᠬᠠᠵᠤ᠂ ᠵᠢᠭᠠᠰᠤᠨ ᠤ ᠡᠪᠦᠯᠵᠢᠬᠦ ᠳᠤ ᠭᠦᠢᠴᠡᠳ ᠰᠢᠮ᠎ᠡ ᠲᠡᠵᠢᠭᠡᠯ ᠪᠠ ᠡᠨᠧᠷᠭᠢ ᠨᠥᠭᠡᠴᠡᠯᠡᠵᠦ ᠥᠭᠭᠦᠨ᠎ᠡ᠃ 2. | ᠤᠰᠤᠨ ᠤ ᠴᠢᠨᠠᠷ ᠤᠨ ᠬᠠᠮᠢᠶᠠᠷᠤᠯᠲᠠ᠄ ᠶᠡᠷᠦ ᠳᠡᠭᠡᠨ 7 — 10 ᠡᠳᠦᠷ ᠲᠤ ᠨᠢᠭᠡ ᠤᠳᠠᠭ᠎ᠠ ᠰᠢᠨ᠎ᠡ ᠤᠰᠤ | ᠨᠡᠮᠡᠵᠦ᠂ ᠤᠳᠠᠭ᠎ᠠ ᠪᠦᠷᠢ 20 ᠰᠠᠨᠲ᠋ᠢᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠂ ᠵᠢᠭᠠᠰᠤᠨ ᠴᠥᠭᠦᠷᠥᠮ ᠤᠨ | ᠤᠰᠤᠨ ᠤ ᠲᠦᠪᠰᠢᠨ ᠢ ᠨᠡᠯᠢᠶᠡᠳ ᠥᠨᠳᠥᠷ ᠲᠦᠪᠰᠢᠨ ᠳᠤ ᠪᠠᠶᠢᠯᠭᠠᠵᠤ᠂ ᠵᠢᠭᠠᠰᠤᠨ ᠴᠥᠭᠦᠷᠥᠮ ᠤᠨ ᠵᠢᠭᠠᠰᠤᠨ ᠤ | ᠳᠠᠭᠠᠭᠠᠴᠠ ᠶᠢ ᠳᠡᠭᠡᠭᠰᠢᠯᠡᠭᠦᠯᠬᠦ ᠶᠢᠨ ᠬᠠᠮᠲᠤ ᠤᠰᠤᠨ ᠤ ᠳᠤᠯᠠᠭᠠᠨ ᠤ ᠬᠡᠯᠪᠡᠯᠵᠡᠯᠲᠡ ᠶᠢ ᠪᠦᠲᠦᠮᠵᠢᠲᠡᠶ | ᠤᠳᠠᠭᠠᠰᠢᠷᠠᠭᠤᠯᠤᠨ᠎ᠠ᠃ | ᠰᠢᠨ᠎ᠡ ᠤᠰᠤ ᠨᠡᠮᠡᠬᠦ ᠦᠶ᠎ᠡ ᠳᠤ᠂ ᠠᠯᠢ ᠴᠢᠳᠠᠬᠤ ᠪᠠᠷ ᠤᠰᠤᠨ ᠤ ᠢᠷᠤᠭᠠᠷ ᠢ ᠬᠦᠴᠦᠲᠡᠢ ᠬᠥᠨᠳᠡᠬᠦ ᠠᠴᠠ | ᠵᠠᠶᠢᠯᠠᠰᠬᠢᠨ᠎ᠡ᠃ ᠣᠷᠣᠢ ᠤᠰᠤ ᠨᠡᠮᠡᠬᠦ ᠠᠴᠠ ᠪᠣᠯᠵᠤ ᠴᠥᠭᠦᠷᠥᠮ ᠤᠨ ᠤᠰᠤᠨ ᠳᠤ ᠬᠦᠴᠢᠯᠲᠥ᠋ᠷᠥᠭᠴᠢ | ᠳᠤᠲᠠᠬᠤ ᠠᠴᠠ ᠵᠶᠢᠯᠠᠰᠬᠢᠨᠡ᠃ ᠬᠦᠴᠢᠯᠲᠥ᠋ᠷᠥᠭᠴᠢ ᠨᠡᠮᠡᠭᠳᠡᠭᠦᠯᠬᠦ ᠮᠠᠰᠢᠨ ᠢ ᠵᠣᠬᠢᠰᠲᠠᠢ ᠬᠡᠷᠡᠭᠯᠡᠨ ᠵᠢᠭᠠᠰᠤᠨ | ᠴᠥᠭᠦᠷᠥᠮ ᠤᠨ ᠬᠦᠴᠢᠯᠲᠥ᠋ᠷᠥᠭᠴᠢ ᠠᠭᠤᠰᠬᠠᠬᠤ ᠬᠡᠮᠵᠢᠶ᠎ᠡ ᠶᠢ ᠨᠡᠮᠡᠭᠳᠡᠭᠦᠯᠦᠨ᠎ᠡ᠂ ᠶᠡᠷᠦ ᠳᠡᠭᠡᠨ ᠲᠤᠩᠭᠠᠯᠠᠭ | ᠡᠳᠦᠷ ᠤᠨ ᠦᠳᠡ ᠳᠤ᠂ ᠪᠦᠷᠬᠦᠭ ᠪᠣᠷᠣᠭᠠᠨ ᠲᠠᠢ ᠡᠳᠦᠷ ᠤᠨ ᠥᠷᠯᠥᠭᠡ᠂ ᠪᠦᠷᠬᠦᠭ ᠪᠣᠷᠣᠭᠠᠨ ᠲᠠᠢ ᠡᠳᠦᠷ ᠤᠨ | ᠰᠥᠨᠢ ᠳᠤ 2 — 3 ᠴᠠᠭ ᠨᠡᠭᠡᠭᠡᠨ᠎ᠡ᠃ ᠪᠦᠬᠦᠯᠢ 24 ᠴᠠᠭ ᠲᠤ ᠴᠥᠭᠦᠷᠥᠮ ᠤᠨ ᠤᠰᠤᠨ ᠳᠤ ᠠᠭᠤᠰᠬᠤ | ᠬᠦᠴᠢᠯᠲᠥ᠋ᠷᠥᠭᠴᠢ ᠶᠢ 5mg/L ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠰᠤᠨ ᠤ ᠴᠢᠨᠠᠷ ᠢ ᠬᠢᠨᠠᠨ | ᠬᠡᠮᠵᠢᠬᠦ ᠶᠢ ᠴᠢᠩᠭᠠᠳᠬᠠᠵᠤ᠂ ᠴᠥᠭᠦᠷᠥᠮ ᠤᠨ ᠤᠰᠤᠨ ᠤ ᠬᠦᠴᠢᠯᠲᠥ᠋ᠷᠥᠭᠴᠢ ᠠᠭᠤᠰᠬᠠᠬᠤ᠂ pH ᠬᠡᠮᠵᠢᠭᠳᠡᠯ᠂ | ᠰᠢᠪᠲᠦᠷᠲᠦ ᠠᠽᠣᠲ᠂ ᠳᠤᠲᠠᠭᠤ ᠠᠽᠣᠲ ᠬᠦᠴᠢᠯ ᠤᠨ ᠳᠠᠪᠤᠰᠤ᠂ ᠲᠤᠩᠭᠠᠯᠠᠭ ᠤᠨ ᠬᠡᠮᠵᠢᠶ᠎ᠡ ᠵᠡᠷᠭᠡ ᠭᠦᠢᠴᠡᠳᠬᠡᠯ | ᠲᠤᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ | ᠴᠠᠭ ᠲᠤᠬᠠᠢ ᠳᠤᠨᠢ ᠤᠰᠤ ᠰᠣᠯᠢᠬᠤ᠂ ᠬᠦᠴᠢᠯᠲᠥ᠋ᠷᠥᠭᠴᠢ ᠨᠡᠮᠡᠭᠳᠡᠭᠦᠯᠬᠦ᠂ ᠠᠷᠢᠭᠤᠳᠬᠠᠬᠤ ᠵᠡᠷᠭᠡ ᠠᠷᠭᠠᠴᠠᠬᠤ | ᠠᠷᠭ᠎ᠠ ᠬᠡᠮᠵᠢᠶ᠎ᠡ ᠠᠪᠴᠤ᠂ ᠵᠢᠭᠠᠰᠤᠨ ᠴᠥᠭᠦᠷᠥᠮ ᠤᠨ ᠤᠰᠤᠨ ᠤ ᠴᠢᠨᠠᠷ ᠤᠨ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ | |