- ᠰᠢᠨ᠎ᠡ ᠮᠠᠰᠢᠨ ᠬᠤᠳᠠᠯᠳᠤᠨ ᠠᠪᠤᠭᠰᠠᠨ ᠤ ᠳᠠᠷᠠᠭ᠎ᠠ᠂ ᠬᠥᠳᠡᠯᠭᠡᠭᠦᠷ ᠢ ᠬᠡᠷᠡᠭᠯᠡᠬᠦ ᠠᠴᠠ ᠡᠮᠦᠨ᠎ᠡ᠂ ᠤᠷᠢᠳ ᠢᠶᠠᠷ ᠲᠣᠰ
| - ᠮᠠᠰᠢᠨ ᠤ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠬᠢᠨᠠᠮᠠᠭᠠᠢ ᠤᠩᠰᠢᠵᠤ᠂ ᠲᠣᠭᠲᠠᠭᠰᠠᠨ ᠫᠠᠶᠢᠰᠠ ᠶᠢᠨ
| - ᠰᠢᠲᠠᠭᠠᠯᠭ᠎ᠠ ᠶᠢᠨ ᠲᠣᠰᠣ ᠶᠢ ᠬᠡᠷᠡᠭᠯᠡᠬᠦ ᠶᠢ ᠣᠨᠴᠠᠭᠠᠶᠢᠯᠠᠨ ᠠᠩᠬᠠᠷᠴᠤ᠂ ᠬᠡᠷᠡᠭᠯᠡᠬᠦ ᠠᠴᠠ ᠡᠮᠦᠨ᠎ᠡ ᠭᠦᠢᠴᠡᠳ
| - ᠲᠤᠩᠭᠠᠬᠤ ᠪᠠ ᠱᠦᠭᠦᠵᠦ᠂ ᠲᠣᠰᠣ ᠨᠡᠮᠡᠬᠦ ᠪᠠᠭᠠᠵᠢ ᠶᠢ ᠠᠷᠢᠭᠤᠨ ᠴᠡᠪᠡᠷ ᠪᠠᠶᠢᠯᠭᠠᠬᠤ ᠬᠡᠷᠡᠭᠲᠡᠢ᠃ ᠭᠤᠯᠭᠤᠭᠤᠷ
| - ᠲᠣᠰᠣ ᠶᠢ ᠠᠷᠢᠭᠤᠨ ᠴᠡᠪᠡᠷ ᠪᠠᠶᠢᠯᠭᠠᠵᠤ᠂ ᠨᠡᠮᠡᠵᠦ ᠣᠷᠣᠭᠤᠯᠬᠤ ᠲᠤᠭ᠎ᠠ ᠬᠡᠮᠵᠢᠶ᠎ᠡ ᠨᠢ ᠭᠦᠢᠴᠡᠳ ᠪᠠᠶᠢᠬᠤ ᠬᠡᠷᠡᠭᠲᠡᠢ
| - ᠪᠥᠭᠡᠳ ᠲᠣᠭᠲᠠᠭᠰᠠᠨ ᠬᠤᠭᠤᠴᠠᠭ᠎ᠠ ᠲᠠᠢ ᠪᠠᠷ ᠰᠣᠯᠢᠵᠤ᠂ ᠬᠡᠷᠡᠭᠯᠡᠬᠦ ᠫᠠᠶᠢᠰᠠ ᠶᠢᠨ ᠨᠣᠮᠧᠷ ᠨᠢ ᠲᠣᠭᠲᠠᠭᠠᠯ ᠳᠤ
| - ᠨᠡᠶᠢᠴᠡᠭᠰᠡᠨ ᠪᠠᠶᠢᠬᠤ ᠬᠡᠷᠡᠭᠲᠡᠢ᠃ ᠠᠭᠠᠷ ᠤᠨ ᠱᠦᠭᠦᠭᠦᠷ ᠢ ᠦᠷᠭᠦᠯᠵᠢ ᠠᠷᠠᠴᠢᠯᠠᠬᠤ ᠶᠢ ᠠᠩᠬᠠᠷᠬᠤ ᠬᠡᠷᠡᠭᠲᠡᠢ᠃
| - ᠬᠥᠷᠥᠭᠡᠭᠰᠡᠨ ᠤᠰᠤ ᠨᠡᠮᠡᠬᠦ ᠶᠢ ᠠᠩᠬᠠᠷᠬᠤ ᠬᠡᠷᠡᠭᠲᠡᠢ᠂ ᠣᠨᠴᠠᠭᠠᠶᠢᠯᠠᠨ ᠬᠥᠳᠡᠯᠭᠡᠭᠦᠷ ᠢ ᠤᠰᠤ ᠳᠤᠲᠠᠬᠤ
| - ᠪᠠᠶᠢᠳᠠᠯ ᠲᠠᠢ ᠠᠵᠢᠯᠯᠠᠭᠤᠯᠵᠤ ᠪᠣᠯᠬᠤ ᠦᠭᠡᠢ᠃ ᠦᠷᠭᠦᠯᠵᠢ ᠪᠠᠶᠢᠴᠠᠭᠠᠵᠤ᠂ ᠬᠤᠯᠪᠣᠭᠳᠠᠯ ᠪᠦᠬᠦᠢ ᠡᠷᠭᠢ ᠱᠤᠷᠠᠭ᠂
| - ᠣᠨᠴᠠᠭᠠᠶᠢᠯᠠᠨ ᠰᠡᠵᠢᠯᠡᠭᠦᠷ ᠤᠨ ᠡᠷᠭᠢ ᠱᠤᠷᠠᠭ᠂ ᠳᠠᠮᠵᠢᠯᠭ᠎ᠠ ᠶᠢᠨ ᠲᠡᠩᠭᠡᠯᠢᠭ ᠤᠨ ᠳᠡᠭᠡᠷᠡᠬᠢ ᠡᠷᠭᠢ ᠱᠤᠷᠠᠭ᠂
| - ᠡᠷᠴᠢᠯᠡᠭᠦᠷ ᠬᠦᠷᠳᠦᠨ ᠤ ᠳᠡᠭᠡᠷᠡᠬᠢ ᠣᠨᠢᠰᠤᠲᠤ ᠡᠷᠭᠢ ᠱᠤᠷᠠᠭ᠂ ᠲᠡᠷᠭᠡᠨ ᠬᠦᠷᠳᠦᠨ ᠤ ᠪᠠᠬᠢᠯᠢᠭ ᠡᠷᠭᠢ ᠱᠤᠷᠠᠭ
| - ᠵᠡᠷᠭᠡ ᠶᠢ ᠪᠠᠬᠢᠯᠡᠬᠦ ᠶᠢ ᠠᠩᠬᠠᠷᠬᠤ ᠬᠡᠷᠡᠭᠲᠡᠢ᠃ 2. ᠰᠢᠨ᠎ᠡ ᠮᠠᠰᠢᠨ ᠬᠤᠳᠠᠯᠳᠤᠨ ᠠᠪᠤᠭᠰᠠᠨ ᠤ ᠳᠠᠷᠠᠭ᠎ᠠ
| - ᠳᠠᠷᠤᠢ ᠳᠤᠨᠢ ᠳᠠᠭᠠᠭᠠᠴᠠ ᠠᠴᠠ ᠨᠢ ᠭᠡᠳᠦᠷᠡᠭᠦᠯᠦᠨ ᠠᠵᠢᠯᠯᠠᠭᠤᠯᠵᠤ ᠪᠣᠯᠬᠤ ᠦᠭᠡᠢ᠂ ᠲᠣᠳᠣᠷᠬᠠᠶᠢᠯᠠᠯᠲᠠ ᠶᠢᠨ
| - ᠪᠢᠴᠢᠭ ᠤᠨ ᠱᠠᠭᠠᠷᠳᠠᠯᠭ᠎ᠠ ᠶᠣᠰᠣᠭᠠᠷ ᠲᠡᠭᠦᠨ ᠢ ᠲᠤᠷᠰᠢᠨ ᠠᠵᠢᠯᠯᠠᠭᠤᠯᠵᠤ ᠵᠣᠬᠢᠴᠠᠭᠤᠯᠬᠤ ᠬᠡᠷᠡᠭᠲᠡᠢ᠃
| - ᠵᠣᠬᠢᠴᠠᠭᠤᠯᠤᠭᠰᠠᠨ ᠤ ᠳᠠᠷᠠᠭ᠎ᠠ᠂ ᠲᠣᠰ ᠮᠠᠰᠢᠨ ᠤ ᠲᠣᠰᠣᠨ ᠤ ᠱᠦᠭᠦᠬᠦ ᠲᠣᠣᠷ ᠪᠠ ᠮᠠᠰᠢᠨ ᠤ ᠲᠣᠰᠣᠨ ᠤ
| - ᠳᠣᠲᠣᠷᠠᠬᠢ ᠦᠯᠡᠳᠡᠭᠳᠡᠯ ᠬᠤᠯᠢᠴᠠ ᠶᠢ ᠴᠡᠪᠡᠷᠯᠡᠨ ᠠᠷᠢᠯᠭᠠᠵᠤ᠂ ᠴᠢᠬᠤᠯᠠ ᠲᠠᠢ ᠪᠣᠯ ᠮᠠᠰᠢᠨ ᠤ ᠲᠣᠰᠣ ᠶᠢ ᠨᠢ
| - ᠰᠣᠯᠢᠵᠤ᠂ ᠲᠣᠰᠣᠨ ᠤ ᠢᠷᠤᠭᠠᠷ ᠢ ᠨᠢ ᠤᠬᠢᠶᠠᠵᠤ ᠴᠡᠪᠡᠷᠯᠡᠬᠦ ᠬᠡᠷᠡᠭᠲᠡᠢ᠃ 3. ᠰᠢᠨ᠎ᠡ ᠮᠠᠰᠢᠨ ᠢᠶᠠᠷ
| - ᠠᠵᠢᠯᠯᠠᠬᠤ ᠳᠠᠭᠠᠨ ᠦᠢᠯᠡᠳᠪᠦᠷᠢ ᠶᠢᠨ ᠲᠣᠳᠣᠷᠬᠠᠶᠢᠯᠠᠯᠲᠠ ᠶᠢᠨ ᠪᠢᠴᠢᠭ ᠤᠨ ᠱᠠᠭᠠᠷᠳᠠᠯᠭ᠎ᠠ ᠶᠢ ᠴᠢᠩᠭ᠎ᠠ ᠵᠢᠷᠦᠮᠯᠡᠬᠦ
| - ᠬᠡᠷᠡᠭᠲᠡᠢ᠂ ᠳᠠᠭᠠᠭᠠᠴᠠ ᠠᠴᠠ ᠬᠡᠲᠦᠷᠡᠭᠦᠯᠵᠦ ᠪᠣᠯᠬᠤ ᠦᠭᠡᠢ᠂ ᠬᠤᠷᠳᠤᠴᠠ ᠠᠴᠠ ᠬᠡᠲᠦᠷᠡᠭᠦᠯᠵᠦ ᠪᠣᠯᠬᠤ ᠦᠭᠡᠢ᠂
| - ᠬᠡᠲᠦᠷᠡᠭᠦᠯᠦᠨ ᠨᠡᠮᠡᠵᠦ ᠪᠣᠯᠬᠤ ᠦᠭᠡᠢ᠂ ᠤᠷᠳᠤ ᠬᠤᠭᠤᠴᠠᠭ᠎ᠠ ᠪᠠᠷ ᠳᠠᠭᠠᠭᠠᠴᠠ ᠠᠴᠠ ᠬᠡᠲᠦᠷᠡᠭᠦᠯᠦᠨ
| - ᠠᠵᠢᠯᠯᠠᠭᠤᠯᠵᠤ ᠪᠣᠯᠬᠤ ᠦᠭᠡᠢ᠃ 4. ᠰᠢᠨ᠎ᠡ ᠮᠠᠰᠢᠨ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠬᠤ ᠪᠠ
| - ᠬᠥᠳᠡᠯᠭᠡᠭᠦᠷ ᠤᠨ ᠡᠷᠭᠢᠯᠲᠡ ᠶᠢᠨ ᠬᠤᠷᠳᠤᠴᠠ ᠶᠢ ᠳᠤᠷ᠎ᠠ ᠪᠠᠷ ᠢᠶᠠᠨ ᠳᠡᠭᠡᠭᠰᠢᠯᠡᠭᠦᠯᠵᠦ ᠪᠣᠯᠬᠤ ᠦᠭᠡᠢ᠃ ᠵᠠᠷᠢᠮ
| - ᠬᠡᠷᠡᠭᠯᠡᠭᠴᠢᠳ ᠮᠠᠰᠢᠨ ᠢ ᠨᠡᠩ ᠬᠤᠷᠳᠤᠨ ᠭᠦᠶᠦᠯᠭᠡᠬᠦ ᠶᠢᠨ ᠲᠥᠯᠥᠭᠡ᠂ ᠥᠨᠳᠥᠷ ᠳᠠᠷᠤᠯᠲᠠᠲᠤ ᠲᠤᠰᠦᠠ ᠤ
| - ᠬᠥᠭᠡᠷᠭᠡ ᠶᠢᠨ ᠲᠤᠰᠦᠠ ᠤ ᠬᠡᠮᠵᠢᠶ᠎ᠡ ᠪᠣᠯᠣᠨ ᠲᠤᠰᠦᠠ ᠤ ᠳᠠᠷᠤᠯᠲᠠ ᠶᠢ ᠳᠤᠷ᠎ᠠ ᠪᠠᠷ ᠢᠶᠠᠨ ᠲᠣᠬᠢᠷᠠᠭᠤᠯᠵᠤ᠂
| - ᠵᠠᠷᠢᠮ ᠨᠢ ᠪᠠᠰᠠ ᠬᠤᠷᠳᠤᠴᠠ ᠲᠣᠬᠢᠷᠠᠭᠤᠯᠬᠤ ᠬᠠᠷᠢᠮᠠᠭ ᠢ ᠲᠡᠮᠦᠷ ᠤᠲᠠᠰᠤ ᠪᠠᠷ ᠤᠶᠠᠳᠠᠭ ᠨᠢ ᠨᠡᠩ ᠴᠤ ᠪᠤᠷᠤᠭᠤ
| - ᠪᠣᠯᠣᠨ᠎ᠠ᠃
|
|
| ᠁ |