ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠲᠣᠬᠢᠷᠠᠮᠵᠢᠲᠠᠢ | ᠤᠯᠠᠷᠢᠯ ᠮᠥᠨ᠂ ᠨᠠᠮᠤᠷ ᠤᠨ ᠤᠯᠠᠷᠢᠯ ᠳᠤ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠨᠢ ᠪᠡᠶ᠎ᠡ ᠶᠢᠨ | ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ ᠤ ᠬᠦᠢᠲᠡᠨ ᠢ ᠡᠰᠡᠷᠭᠦᠴᠡᠬᠦ ᠰᠡᠳᠡᠯᠲᠡ ᠥᠭᠬᠦ | ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠃ ᠨᠠᠮᠤᠷ ᠤᠨ ᠤᠯᠠᠷᠢᠯ ᠳᠤ ᠥᠷᠯᠥᠭᠡ ᠦᠳᠡᠰᠢ ᠶᠢᠨ | ᠳᠤᠯᠠᠭᠠᠨ ᠤ ᠵᠥᠷᠢᠶ᠎ᠡ ᠶᠡᠭᠡ ᠪᠤᠯᠪᠠᠴᠦ ᠡᠳᠦᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠢ ᠦᠶ᠎ᠡ ᠳᠤ ᠬᠥᠳᠡᠯᠭᠡᠭᠡᠨ | ᠬᠢᠬᠦ ᠨᠢ ᠬᠠᠮᠤᠭ ᠤᠨ ᠲᠠᠭᠠᠯᠠᠮᠵᠢᠲᠠᠢ ᠪᠠᠶᠢᠳᠠᠭ᠃ ᠨᠠᠮᠤᠷ ᠤᠨ ᠤᠯᠠᠷᠢᠯ ᠳᠤ ᠪᠡᠶ᠎ᠡ ᠴᠢᠭᠢᠷᠠᠭᠵᠢᠭᠤᠯᠬᠤ ᠨᠢ ᠴᠢᠰᠤᠨ | ᠰᠤᠳᠠᠯ ᠢ ᠵᠥᠭᠡᠯᠡᠷᠡᠭᠦᠯᠵᠦ᠂ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠤᠨ᠂ ᠰᠡᠳᠬᠢᠯ ᠰᠠᠨᠠᠭ᠎ᠠ ᠶᠢ | ᠪᠠᠶᠠᠰᠬᠠᠵᠤ᠂ ᠲᠠᠭᠰᠢᠭᠤᠷ ᠬᠢᠮᠤᠷᠠᠭ᠎ᠠ ᠶᠢ ᠰᠡᠷᠭᠡᠶᠢᠯᠡᠵᠦ ᠴᠢᠳᠠᠳᠠᠭ᠃ ᠲᠡᠭᠡᠪᠡᠯ ᠨᠠᠮᠤᠷ ᠤᠨ ᠤᠯᠠᠷᠢᠯ ᠳᠤ ᠶᠠᠮᠠᠷ | ᠬᠥᠳᠡᠯᠭᠡᠭᠡᠨ ᠢ ᠰᠣᠩᠭᠤᠪᠠᠯ ᠲᠣᠬᠢᠷᠠᠮᠵᠢᠲᠠᠢ ᠪᠢᠯᠡ︖ ᠡᠭᠦᠨ ᠳᠤ ᠤᠯᠠᠨ ᠵᠦᠢᠯ ᠤᠨ ᠰᠣᠩᠭᠤᠯᠲᠠ ᠪᠤᠢ᠃ | ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ ᠤᠨ ᠦᠨᠳᠦᠰᠦᠨ ᠬᠦᠴᠢᠯᠲᠥ᠋ᠷᠥᠭᠴᠢᠲᠦ ᠬᠥᠳᠡᠯᠭᠡᠭᠡᠨ ᠤ ᠨᠢᠭᠡ | ᠪᠣᠯᠤᠭᠰᠠᠨ ᠤ ᠬᠤᠪᠢ ᠳᠤ ᠵᠢᠷᠦᠬᠡ ᠠᠭᠤᠰᠬᠢᠨ ᠤ ᠠᠵᠢᠯᠯᠠᠭ᠎ᠠ ᠶᠢ ᠢᠯᠡᠳᠲᠡ ᠰᠠᠶᠢᠵᠢᠷᠠᠭᠤᠯᠵᠤ᠂ ᠡᠭᠡᠯᠢᠯᠡᠭᠡ ᠶᠢᠨ | ᠴᠢᠳᠠᠪᠤᠷᠢ ᠶᠢ ᠨᠡᠮᠡᠭᠳᠡᠭᠦᠯᠦᠨ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠮᠠᠷᠢᠶ᠎ᠠ ᠶᠢ | ᠰᠢᠭᠤᠷᠠᠭᠤᠯᠬᠤ ᠳᠤ ᠲᠤᠰᠠᠲᠠᠢ ᠪᠠᠶᠢᠳᠠᠭ᠃ ᠠᠯᠬᠤᠬᠤ ᠪᠣᠯ ᠨᠢᠭᠡ ᠵᠦᠢᠯ ᠤᠨ ᠳᠥᠭᠦᠮ ᠪᠥᠭᠡᠳ ᠪᠦᠲᠦᠮᠵᠢᠲᠡᠶ | ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠥᠭᠡᠬᠦ ᠶᠢ ᠪᠠᠭᠤᠷᠠᠭᠤᠯᠤᠨ᠂ ᠵᠢᠷᠦᠬᠡ ᠠᠭᠤᠰᠬᠢᠨ ᠤ ᠠᠵᠢᠯᠯᠠᠭ᠎ᠠ ᠶᠢ | ᠳᠡᠭᠡᠭᠰᠢᠯᠡᠭᠦᠯᠭᠦ ᠶᠢᠨ ᠬᠠᠮᠲᠤ ᠪᠠᠰᠠ ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ ᠤ ᠥᠭᠡᠬᠦ ᠶᠢ ᠬᠢᠵᠠᠭᠠᠷᠯᠠᠵᠤ | ᠂ ᠰᠡᠳᠬᠢᠴᠡ ᠶᠢᠨ ᠳᠠᠷᠤᠯᠲᠠ ᠶᠢ ᠭᠦᠩᠭᠡᠷᠡᠭᠦᠯᠦᠨ᠎ᠡ ; ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ | ᠪᠥᠮᠪᠦᠭᠡ ᠨᠠᠭᠠᠳᠬᠤ ᠨᠢ ᠵᠢᠷᠦᠬᠡ ᠠᠭᠤᠰᠬᠢᠨ ᠤ ᠠᠵᠢᠯᠯᠠᠭ᠎ᠠ᠂ ᠪᠤᠯᠴᠢᠩ ᠤᠨ ᠬᠦᠴᠦ᠂ ᠲᠡᠩᠴᠡᠭᠦᠷᠢ ᠶᠢᠨ ᠴᠢᠳᠠᠪᠤᠷᠢ | ᠪᠠ ᠲᠤᠰᠬᠠᠯ ᠤᠨ ᠴᠢᠳᠠᠪᠤᠷᠢ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠰᠠᠶᠢᠵᠢᠷᠠᠭᠤᠯᠤᠨ᠎ᠠ ; ᠪᠠᠰᠠ ᠳᠤᠭᠤᠢ | ᠤᠨᠤᠬᠤ᠂ ᠦᠳᠦᠨ ᠪᠥᠮᠪᠦᠭᠡ ᠨᠠᠭᠠᠳᠬᠤ᠂ ᠠᠭᠤᠯᠠ ᠠᠪᠠᠷᠢᠬᠤ᠂ ᠶᠤᠭ᠎ᠠ ᠵᠡᠷᠭᠡ ᠁ ᠪᠢᠳᠡ ᠨᠠᠰᠤᠨ ᠤ ᠪᠠᠶᠢᠳᠠᠯ | ᠪᠠ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ ᠵᠣᠬᠢᠰᠲᠠᠢ ᠬᠥᠳᠡᠯᠭᠡᠭᠡᠨ ᠢ ᠰᠣᠩᠭᠤᠵᠤ | ᠪᠡᠶ᠎ᠡ ᠪᠠᠨ ᠪᠤᠯᠪᠠᠰᠤᠷᠠᠭᠤᠯᠵᠤ ᠪᠣᠯᠣᠨ᠎ᠠ᠃ ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠪᠡᠶ᠎ᠡ ᠮᠠᠬᠠᠪᠤᠳ ᠢᠶᠠᠨ | ᠳᠠᠪᠲᠠᠨ ᠪᠤᠯᠪᠠᠰᠤᠷᠠᠭᠤᠯᠬᠤ ᠳᠤ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ ᠭᠤᠣᠯᠯᠠᠭᠤᠯᠵᠤ᠂ ᠳᠤᠮᠳᠠ ᠨᠠᠰᠤᠨ ᠤ | ᠬᠥᠮᠥᠰ ᠲᠦᠷᠭᠡᠨ ᠠᠯᠬᠤᠬᠤ᠂ ᠤᠳᠠᠭᠠᠨ ᠭᠦᠶᠦᠬᠦ᠂ ᠠᠰᠠᠷ ᠤᠨ ᠱᠠᠲᠤ ᠪᠠᠷ ᠮᠠᠴᠤᠬᠤ ᠵᠡᠷᠭᠡ ᠳᠣᠣᠷ᠎ᠠ | ᠬᠦᠴᠢᠯᠲᠥ᠋ᠷᠥᠭᠴᠢᠲᠦ ᠬᠥᠳᠡᠯᠭᠡᠭᠡᠨ ᠢ ᠰᠣᠩᠭᠤᠵᠤ ᠪᠤᠯᠣᠨ᠎ᠠ ; ᠨᠠᠰᠤᠲᠠᠶᠢᠴᠤᠳ ᠰᠤᠯᠠ ᠠᠯᠬᠤᠬᠤ᠂ ᠶᠤᠭ᠎ᠠ᠂ | ᠨᠡᠷᠡᠬᠦᠢ ᠨᠢᠳᠤᠷᠭ᠎ᠠ ᠵᠡᠷᠭᠡ ᠶᠢ ᠰᠣᠩᠭᠤᠵᠤ ᠪᠣᠯᠣᠨ᠎ᠠ᠃ ᠨᠠᠮᠤᠷ ᠤᠨ ᠤᠯᠠᠷᠢᠯ ᠳᠤ ᠬᠥᠮᠥᠨ ᠤ ᠮᠡᠳᠡᠷᠡᠯ ᠤᠨ | ᠰᠢᠰᠲ᠋ᠧᠮ ᠤᠨ ᠬᠥᠭᠡᠷᠦᠯᠲᠡ ᠶᠢᠨ ᠴᠢᠨᠠᠷ ᠨᠡᠮᠡᠭᠳᠡᠵᠦ᠂ ᠹᠢᠽᠢᠣᠯᠣᠭᠢ ᠶᠢᠨ ᠠᠵᠢᠯᠯᠠᠭ᠎ᠠ ᠬᠥᠭᠵᠢᠶᠡᠨ ᠲᠠᠢ ᠪᠤᠯᠬᠤ | ᠬᠠᠨᠳᠤᠰᠢ ᠲᠠᠢ ᠪᠣᠯᠣᠨ᠎ᠠ᠃ ᠡᠨᠡ ᠤᠯᠠᠷᠢᠯ ᠳᠤ ᠬᠥᠮᠥᠰ ᠠᠮᠠᠷᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠲᠦᠷᠬᠡᠢ | ᠬᠢᠬᠦ ᠠᠴᠠ ᠪᠣᠯᠵᠤ ᠶᠠᠳᠠᠷᠠᠨ᠂ ᠠᠵᠢᠯ ᠪᠣᠯᠣᠨ ᠡᠷᠡᠭᠦᠯ ᠮᠡᠨᠳᠦ ᠪᠠᠨ ᠨᠥᠯᠥᠭᠡᠯᠡᠵᠦ ᠮᠡᠳᠡᠨ᠎ᠡ᠃ ᠢᠯᠠᠩᠭᠤᠶ᠎ᠠ ᠢᠳᠡᠷ | ᠥᠲᠡᠯᠦᠭᠡ ᠨᠠᠰᠤᠨ ᠤ ᠬᠥᠮᠥᠰ ᠬᠥᠳᠡᠯᠭᠡᠭᠡᠨ ᠤ ᠴᠠᠭ ᠪᠠ ᠬᠥᠳᠡᠯᠭᠡᠭᠡᠨ ᠤ ᠡᠷᠴᠢᠮ ᠢᠶᠠᠨ ᠰᠠᠶᠢᠲᠤᠷ ᠲᠣᠬᠢᠷᠠᠭᠤᠯᠬᠤ | ᠬᠡᠷᠡᠭᠲᠡᠢ᠃ ᠶᠡᠷᠦ ᠶᠢᠨ ᠪᠠᠶᠢᠳᠠᠯ ᠳᠤ᠂ ᠢᠳᠡᠷ ᠨᠠᠰᠤᠲᠠᠶᠢᠴᠤᠳ ᠤᠳᠠᠭ᠎ᠠ ᠪᠦᠷᠢ 1.5 ᠴᠠᠭ ᠠᠴᠠ ᠢᠯᠡᠭᠦᠦ | ᠬᠥᠳᠡᠯᠭᠡᠭᠡᠨ ᠬᠢᠵᠦ ᠪᠤᠯᠬᠤ ᠦᠭᠡᠢ᠃ ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠷᠠᠭ᠎ᠠ ᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃ ᠲᠠᠮᠢᠷ ᠤᠨ | ᠬᠥᠳᠡᠯᠭᠡᠭᠡᠨ ᠬᠢᠭᠰᠡᠨ ᠤ ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠢ᠂ ᠨᠢᠰᠢᠩᠭᠦ᠂ ᠠᠯᠢᠮ᠎ᠠ᠂ | ᠠᠯᠮᠤᠷᠠᠳ᠂ ᠰᠦ᠋᠂ ᠮᠠᠭᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ ᠢᠯᠡᠭᠦᠬᠡᠨ ᠢᠳᠡᠵᠦ᠂ | ᠠᠮᠢᠰᠬᠤᠯ ᠤᠨ ᠵᠠᠮ ᠤᠨ ᠰᠠᠯᠢᠰᠤᠲᠤ ᠪᠦᠷᠬᠦᠪᠴᠢ ᠶᠢᠨ ᠬᠡᠪ ᠤᠨ ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠵᠦ | ᠡᠪᠡᠳᠬᠦ ᠶᠢ ᠰᠡᠷᠭᠡᠶᠢᠯᠡᠨ᠎ᠡ᠃ ᠭᠡᠳᠦ ᠬᠥᠯᠥᠰᠦ ᠭᠠᠷᠤᠭᠰᠠᠨ ᠪᠣᠯ ᠪᠤᠴᠠᠯᠤᠭᠰᠠᠨ ᠤᠰᠤᠨ ᠳᠤ ᠪᠠᠨ ᠪᠠᠭ᠎ᠠ | ᠬᠡᠮᠵᠢᠶᠡᠨ ᠤ ᠳᠠᠪᠤᠰᠤ ᠨᠡᠮᠡᠵᠦ ᠤᠤᠭᠤᠵᠤ ᠪᠣᠯᠣᠨ᠎ᠠ᠃ ᠤᠰᠤ ᠤᠤᠭᠤᠬᠤ ᠳᠤ ᠪᠠᠨ ᠪᠠᠭ᠎ᠠ ᠬᠡᠮᠵᠢᠶ᠎ᠡ ᠪᠠᠷ ᠤᠯᠠᠨ | ᠤᠳᠠᠭ᠎ᠠ ᠤᠳᠠᠭᠠᠨ ᠤᠤᠭᠤᠬᠤ ᠶᠢ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠨᠢᠭᠡᠨᠲᠡ ᠠᠷᠠᠳ | ᠢᠷᠭᠡᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠭᠦ | ᠬᠠᠮᠤᠭ ᠤᠨ ᠢᠳᠡᠪᠬᠢᠲᠡᠢ᠂ ᠬᠠᠮᠤᠭ ᠤᠨ ᠪᠦᠲᠦᠮᠵᠢᠲᠠᠢ ᠠᠷᠭ᠎ᠠ ᠭᠡᠯᠪᠡᠷᠢ ᠪᠣᠯᠤᠭᠰᠠᠨ ᠪᠠᠶᠢᠨ᠎ᠠ᠃ ᠤᠯᠤᠰ ᠣᠷᠣᠨ ᠤ | ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠳᠠᠭᠠᠯᠳᠤᠨ᠂ ᠪᠦᠭᠦ | ᠠᠷᠠᠳ ᠤᠨ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠣᠷᠴᠢᠨ ᠨᠥᠬᠦᠴᠡᠯ | ᠤᠯᠠᠮ ᠢᠶᠠᠷ ᠰᠠᠶᠢᠵᠢᠷᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠠᠶᠢᠴᠢᠯᠠᠨ ᠡᠷᠡᠭᠦᠯ ᠡᠩᠬᠡ | ᠲᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ |