ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ
ᠨᠡᠶᠢᠲᠡᠯᠡᠭᠰᠡᠨ ᠴᠠᠭ᠄
2025/3/7
   ᠵᠠᠩ ᠶᠠᠨ ᠺᠦᠨ ᠤᠷᠤᠯᠴᠠᠵᠠᠢ   3 ᠰᠠᠷ᠎ᠠ ᠶᠢᠨ 6 ᠤ ᠡᠳᠦᠷ᠂ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠶᠠᠷᠢᠯᠴᠠᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠶᠠᠷᠢᠯᠴᠠᠬᠤ ᠳᠤ ᠤᠷᠤᠯᠴᠠᠪᠠ᠃   ᠭᠡᠰᠢᠭᠦᠳ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠦᠬᠦ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠤᠭᠤᠰᠢᠯᠠᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡᠳᠦᠯᠲᠡᠢ ᠲᠥᠯᠥᠪᠵᠢᠭᠦᠯᠬᠦ︾ ᠢᠢ ᠪᠦᠬᠦ ᠲᠠᠯ᠎ᠠ ᠪᠠᠷ ᠡᠵᠡᠮᠳᠡᠵᠦ᠂ ︽ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠲᠥᠪ ᠶᠤᠰᠤ ᠶᠢ ᠪᠠᠷᠢᠮᠳᠠᠯᠠᠨ ᠰᠢᠨ᠎ᠡ ᠶᠢ ᠡᠭᠦᠳᠬᠦ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠨᠢ ᠣᠨᠣᠪᠴᠢᠲᠠᠢ ᠪᠥᠭᠡᠳ ᠬᠦᠴᠦᠲᠡᠢ ᠪᠠᠶᠢᠵᠤ᠂ ᠭᠤᠣᠯᠳᠠᠯᠭ᠎ᠠ ᠶᠢ ᠲᠤᠪᠤᠶᠢᠯᠭᠠᠵᠤ᠂ ᠢᠲᠡᠭᠡᠯ ᠵᠣᠷᠢᠭ ᠢ ᠬᠥᠪᠴᠢᠯᠡᠵᠦ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠥᠮᠥᠰ ᠢ ᠤᠷᠮᠠᠰᠢᠭᠤᠯᠤᠨ ᠲᠠᠪᠰᠢᠭᠤᠯᠬᠤ ᠰᠠᠶᠢᠨ ᠢᠯᠡᠳᠬᠡᠯ ᠪᠤᠯᠵᠠᠢ ᠭᠡᠵᠤ ᠰᠠᠨᠠᠯ ᠨᠢᠭᠡᠲᠡᠢ ᠦᠵᠡᠵᠡᠭᠡᠪᠡ᠃   ᠢᠯᠡᠳᠬᠡᠯ ᠳᠠᠬᠢ 2024 ᠣᠨ ᠤ ᠡᠷᠭᠢᠴᠡᠭᠦᠯᠦᠯ ᠨᠢ ᠨᠡᠷᠡᠨᠪᠢᠯᠢᠭ ᠭᠡᠰᠢᠭᠦᠨ ᠳᠤ ᠭᠦᠨ ᠰᠠᠭᠤᠭᠳᠠᠯ ᠦᠭᠴᠡᠢ᠃ ᠲᠡᠷᠡ᠄ ︽︿ᠲᠣᠭᠲᠠᠭᠤᠨ﹀ ᠪᠣᠯ ᠰᠠᠭᠤᠷᠢ᠂ ︿ᠤᠷᠤᠭᠰᠢᠯᠠᠨ ᠲᠠᠪᠰᠢᠬᠤ﹀ ᠪᠣᠯ ᠴᠢᠭᠯᠡᠯ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ ᠨᠡᠮᠡᠭᠳᠡᠪᠡ︔ ᠬᠤᠲᠠ ᠪᠠᠯᠭᠠᠰᠤᠨ ᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ︔ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5.1% ᠪᠠᠷ ᠪᠣᠳᠠᠲᠠᠢ ᠨᠡᠮᠡᠭᠳᠡᠪᠡ ᠁ ᠡᠨᠡ ᠬᠦ ᠬᠢᠷᠢ ᠪᠦᠲᠦᠮᠵᠢ ᠶᠢᠨ ᠬᠠᠭᠤᠳᠠᠰᠤᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ 2025 ᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠬᠤᠷᠠᠮᠳᠤᠭᠤᠯᠤᠭᠰᠠᠨ ᠪᠠᠶᠢᠨ᠎ᠠ︾ ᠭᠡᠪᠡ᠃   ᠵᠠᠩ ᠯᠢ ᠸᠧᠨ ᠭᠡᠰᠢᠭᠦᠨ᠄ ︽ᠢᠯᠡᠳᠬᠡᠯ ᠳᠤ ᠠᠷᠪᠠᠨ ᠲᠠᠯ᠎ᠠ ᠠᠴᠠ 2025 ᠣᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠳᠤᠷᠠᠳᠴᠤ᠂ ᠵᠠᠰᠠᠭ ᠤᠨ ᠣᠷᠳᠣᠨ ᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠬᠢ ᠡᠷᠡᠰ ᠪᠠᠳᠦ ᠢᠳᠡᠬᠡᠯ ᠵᠣᠷᠢᠭ ᠢ ᠬᠠᠷᠠᠭᠤᠯᠵᠤ᠂ ᠤᠨᠴᠠᠭᠠᠶᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠲᠤᠯ ᠢ ᠪᠠᠭᠠᠰᠬᠠᠬᠤ ᠨᠤᠭᠤᠭᠠᠷᠠᠭᠤᠯᠤᠯᠲᠠ ᠶᠢ ᠦᠷᠭᠡᠳᠬᠡᠬᠦ ᠦᠰᠦᠯᠲᠡ ᠶᠢ ᠨᠡᠮᠡᠭᠳᠡᠬᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠡᠭᠦᠷᠭᠡ ᠶᠢ ᠳᠤᠷᠠᠳᠪᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠵᠦ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠦᠪᠡᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠡᠰᠢᠭᠦᠨ ᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃   ᠭᠡᠰᠢᠭᠦᠳ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠭᠠᠷᠳᠠᠴᠠ ᠪᠠ ᠬᠦᠴᠦᠯᠡᠬᠦ ᠴᠡᠭ ᠢᠶᠠᠨ ᠣᠨᠣᠪᠴᠢᠲᠠᠢ ᠡᠷᠢᠨ ᠣᠯᠵᠤ᠂ ᠭᠦᠨᠵᠡᠭᠡᠢ ᠪᠠᠶᠢᠴᠠᠭᠠᠨ ᠰᠤᠳᠤᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠡᠳᠬᠢᠯ ᠨᠢᠭᠡᠳᠤᠨ ᠬᠦᠴᠦ ᠪᠠᠨ ᠬᠠᠮᠲᠤᠳᠬᠠᠬᠤ᠂ ᠰᠶᠢᠳᠪᠦᠷᠢᠲᠦ ᠪᠣᠳᠣᠯᠭ᠎ᠠ ᠶᠢᠨ ᠵᠦᠪᠯᠡᠯᠬᠡ ᠦᠭᠬᠦ᠂ ᠵᠥᠪᠯᠡᠬᠦ ᠠᠷᠠᠳᠴᠢᠯᠠᠯ᠂ ᠤᠯᠤᠰ ᠤᠨ ᠵᠠᠰᠠᠯᠲᠠ ᠶᠢᠨ ᠡᠮᠦᠨ᠎ᠡ ᠹᠷᠣᠨᠲ ᠤᠨ ᠪᠣᠳᠠᠲᠤ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠵᠤ᠂ ᠥᠨᠳᠥᠷ ᠲᠦᠪᠰᠢᠨ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠎ᠡ ᠭᠡᠵᠦ ᠢᠯᠡᠳᠬᠡᠵᠡᠭᠡᠪᠡ᠃   ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠᠢ ᠴᠢᠩ ᠶᠤᠸᠠᠨ᠂ ᠬᠦᠤᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ ᠲᠤᠰ ᠲᠤᠰ ᠥᠪᠡᠷ ᠥᠪᠡᠷ ᠤᠨ ᠪᠠᠶᠢᠭ᠎ᠠ ᠳᠤᠭᠤᠶᠢᠯᠠᠩ ᠤᠨ ᠶᠠᠷᠢᠯᠴᠠᠬᠤ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号