ᠣᠶᠤᠨᠪᠢᠯᠢᠭ᠌᠄ ᠠᠷᠠᠰᠤᠨ ᠵᠢᠷᠤᠭ ᠤᠨ ᠪᠦᠳᠦᠭᠡᠯ ᠢᠶᠠᠷ ᠰᠤᠶᠤᠯ ᠤᠨ ᠦᠪ ᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2025/4/1
   ᠠᠶᠢᠮᠠᠭ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠲᠦᠰᠢᠶᠡᠲᠦ ᠠᠷᠠᠰᠤᠨ ᠵᠢᠷᠤᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠣᠶᠤᠨᠪᠢᠯᠢᠭ᠌ ᠤᠨ ᠤᠷᠠᠨ ᠵᠢᠷᠤᠭ ᠨᠢ ᠮᠣᠩᠭᠤᠯ ᠦᠨᠳᠦᠰᠦᠲᠡᠨ ᠤ ᠠᠷᠠᠰᠤᠨ ᠵᠢᠷᠤᠭ ᠤᠨ ᠤᠷᠠᠯᠢᠭ ᠢ ᠵᠠᠯᠭᠠᠮᠵᠢᠯᠠᠨ ᠪᠠᠳᠠᠷᠠᠭᠤᠯᠬᠤ ᠪᠠᠷ ᠪᠠᠷᠠᠬᠤ ᠦᠭᠡᠢ᠂ ᠨᠡᠩ ᠴᠤ ᠵᠣᠬᠢᠶᠠᠨ ᠪᠦᠲᠦᠭᠡᠬᠦ ᠳᠤᠮᠳᠠ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠮᠣᠩᠭᠤᠯ ᠦᠨᠳᠦᠰᠦᠲᠡᠨ ᠤ ᠠᠷᠠᠰᠤᠨ ᠵᠢᠷᠤᠭ ᠢ ᠨᠡᠩ ᠴᠤ ᠠᠮᠢᠳᠤᠷᠠᠯ ᠤᠨ ᠬᠡᠷᠡᠭᠯᠡᠭᠡᠨ ᠤ ᠴᠢᠨᠠᠷ ᠲᠠᠢ ᠪᠣᠯᠭᠠᠪᠠ᠃    ᠤᠶᠠᠬᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠠᠷᠠᠰᠤᠨ ᠵᠢᠷᠤᠭ ᠤᠨ ᠠᠵᠢᠯᠯᠠᠬᠤ ᠲᠠᠰᠤᠭ ᠲᠤ ᠬᠦᠷᠬᠦ ᠳᠤ᠂ ᠤᠶᠤᠨᠪᠢᠯᠢᠭ ᠶᠠᠭ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠠᠷᠠᠰᠤᠨ ᠵᠢᠷᠤᠭ ᠢ ᠦᠢᠯᠡᠳᠴᠦ᠂ ᠤᠶᠠᠨ ᠬᠠᠳᠠᠨ ᠦᠬᠡᠷ ᠤᠨ ᠠᠷᠠᠰᠤᠨ ᠡᠳ᠋ᠯᠡᠯ ᠳᠤ᠂ ᠬᠢᠲᠤᠭᠠᠨ ᠦᠵᠦᠭᠦᠷ ᠲᠤ ᠨᠤᠭᠤᠷᠠᠯ ᠪᠦᠳᠦᠷᠢᠯ ᠳᠤ ᠤᠴᠠᠷᠠᠵᠤ᠂ ᠠᠵᠢᠯᠯᠠᠬᠤ ᠲᠠᠶᠢᠰᠠᠨ ᠳᠡᠭᠡᠷ᠎ᠡ ᠨᠢᠭᠡ ᠵᠢᠷᠤᠭ ᠳᠦᠷᠰᠦ ᠠᠩᠬ᠎ᠠ ᠢᠯᠡᠷᠡᠪᠡ᠃ ᠣᠶᠤᠨᠪᠢᠯᠢᠭ᠌ ᠶᠡᠷᠦ ᠠᠴᠠ ᠦᠨᠳᠦᠰᠦᠲᠡᠨ ᠤ ᠤᠯᠠᠮᠵᠢᠯᠠᠯᠲᠤ ᠤᠷᠠᠯᠢᠭ ᠤᠨ ᠲᠤᠬᠠᠢ ᠭᠦᠨ ᠵᠤᠵᠠᠭᠠᠨ ᠳᠤᠷ᠎ᠠ ᠰᠣᠨᠢᠷᠬᠠᠯ ᠪᠢᠯᠬᠠᠵᠤ᠂ ᠶᠡᠭᠡ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠡᠨᠡ ᠬᠦ ᠬᠠᠶᠢᠷ᠎ᠠ ᠠᠭᠠᠵᠢᠮ ᠢᠶᠠᠷ ᠠᠷᠠᠰᠤᠨ ᠵᠢᠷᠤᠭ ᠭᠡᠬᠦ ᠡᠨᠡ ᠬᠦ ᠤᠯᠠᠮᠵᠢᠯᠠᠯᠲᠤ ᠤᠷ᠎ᠠ ᠮᠡᠷᠭᠡᠵᠢᠯ ᠳᠡᠭᠡᠷ᠎ᠡ ᠲᠥᠪᠯᠡᠷᠡᠵᠦ᠂ ᠠᠷᠠᠰᠤᠨ ᠵᠢᠷᠤᠭ ᠨᠢ ᠵᠥᠪᠬᠡᠨ ᠨᠢᠭᠡ ᠵᠦᠢᠯ ᠤᠨ ᠮᠡᠷᠭᠡᠵᠢᠯ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠰᠣᠶᠣᠯ ᠤᠨ ᠤᠯᠠᠮᠵᠢᠯᠠᠯ ᠪᠣᠯᠬᠤ ᠶᠢ ᠭᠦᠨ ᠣᠶᠢᠯᠠᠭᠠᠪᠠ᠃ ᠲᠡᠷᠡ ᠠᠷᠠᠰᠤᠨ ᠵᠢᠷᠤᠭ ᠤᠨ ᠲᠠᠯ᠎ᠠ ᠪᠠᠷ ᠬᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢᠶᠠᠨ ᠡᠪᠦᠷᠯᠡᠨ᠂ ᠰᠤᠷᠭᠠᠭᠤᠯᠢ ᠳᠤ ᠠᠷᠠᠰᠤᠨ ᠵᠢᠷᠤᠭ ᠤᠨ ᠬᠢᠴᠢᠶᠡᠯ ᠰᠣᠩᠭᠤᠨ ᠰᠤᠷᠴᠤ᠂ ᠠᠷᠠᠰᠤᠨ ᠵᠢᠷᠤᠭ ᠤᠨ ᠦᠨᠳᠦᠰᠦᠨ ᠤᠷ᠎ᠠ ᠮᠡᠷᠭᠡᠰᠢᠯ ᠢ ᠰᠤᠷᠪᠠ᠃ ᠭᠡᠲᠡᠯ᠎ᠡ ᠤᠷ᠎ᠠ ᠮᠡᠷᠭᠡᠵᠢᠯ ᠤᠨ ᠰᠤᠷᠤᠯᠴᠠᠯᠭ᠎ᠠ ᠪᠣᠯ ᠵᠥᠪᠬᠡᠨ ᠠᠩᠬᠠᠨ ᠤ ᠠᠯᠬᠤᠮ ᠮᠥᠨ᠂ ᠲᠡᠭᠦᠨ ᠢ ᠦᠨᠡᠨ ᠬᠦ ᠤᠯᠠᠮᠵᠢᠯᠠᠨ ᠵᠠᠯᠭᠠᠮᠵᠢᠯᠠᠬᠤ ᠵᠠᠮ ᠢᠶᠠᠷ ᠵᠠᠮᠨᠠᠭᠤᠯᠬᠤ ᠨᠢ ᠠᠷᠠᠰᠤᠨ ᠵᠢᠷᠤᠭ ᠤᠨ ᠤᠷᠠᠯᠢᠭ ᠤᠨ ᠲᠤᠬᠠᠢ ᠭᠦᠨᠵᠡᠭᠡᠢ ᠣᠶᠢᠯᠠᠭᠠᠯᠲᠠ ᠪᠠ ᠪᠣᠳᠠᠰ ᠤᠨ ᠪᠤᠰᠤ ᠰᠣᠶᠣᠯ ᠤᠨ ᠲᠤᠬᠠᠢ ᠬᠥᠭᠡᠭᠡᠴᠡᠯᠳᠦᠯ ᠮᠥᠨ᠃ ᠤᠶᠤᠨᠪᠢᠯᠢᠭ ᠦᠨᠳᠦᠰᠦᠨ ᠠᠷᠠᠰᠤᠨ ᠵᠢᠷᠤᠭ ᠦᠢᠯᠡᠳᠬᠦ ᠤᠷ᠎ᠠ ᠮᠡᠷᠭᠡᠵᠢᠯ ᠢ ᠡᠵᠡᠮᠰᠢᠭᠰᠡᠨ ᠤ ᠳᠠᠷᠠᠭ᠎ᠠ᠂ ᠣᠯᠠᠨ ᠤᠳᠠᠭ᠎ᠠ ᠭᠠᠳᠠᠭᠰᠢ ᠭᠠᠷᠴᠤ ᠰᠤᠷᠤᠯᠴᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠤᠳᠤᠯᠬᠤ ᠪᠠᠷ ᠳᠠᠮᠵᠢᠭᠤᠯᠵᠤ᠂ ᠲᠡᠭᠦᠨ ᠤ ᠠᠷᠠᠰᠤᠨ ᠵᠢᠷᠤᠭ ᠤᠨ ᠪᠦᠲᠦᠭᠡᠯ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠲᠡᠷᠡ ᠦᠨᠳᠦᠰᠦᠲᠡᠨ ᠤ ᠡᠯᠧᠮᠧᠨ᠋ᠲ ᠤᠨ ᠵᠢᠷᠤᠭ ᠤᠨ ᠵᠢᠷᠤᠭ ᠤᠨ ᠪᠦᠲᠦᠭᠡᠯ ᠳᠤ ᠴᠢᠳᠠᠮᠠᠭᠠᠢ ᠪᠠᠶᠢᠵᠤ᠂ ᠪᠦᠲᠦᠭᠡᠯ ᠨᠢᠭᠡᠪᠦᠷᠢ ᠶᠢ ᠴᠥᠮ ᠦᠨᠳᠦᠰᠦᠲᠡᠨ ᠤ ᠣᠨᠴᠠᠯᠢᠭ ᠪᠠ ᠰᠣᠶᠣᠯ ᠤᠨ ᠠᠭᠤᠯᠭ᠎ᠠ ᠪᠠᠷ ᠪᠢᠯᠬᠠᠮ᠎ᠠ ᠪᠣᠯᠭᠠᠵᠠᠢ᠃ ᠡᠳᠡᠭᠡᠷ ᠪᠦᠲᠦᠭᠡᠯ ᠨᠢ ᠠᠷᠠᠰᠤᠨ ᠵᠢᠷᠤᠭ ᠤᠨ ᠤᠷ᠎ᠠ ᠮᠡᠷᠭᠡᠵᠢᠯ ᠤᠨ ᠴᠠᠭᠠᠷᠠᠭᠰᠠᠨ ᠪᠠ ᠥᠪᠡᠷᠮᠢᠴᠡ ᠴᠢᠨᠠᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠣᠳᠠᠰ ᠤᠨ ᠪᠤᠰᠤ ᠰᠣᠶᠣᠯ ᠤᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃    ᠠᠷᠠᠰᠤᠨ ᠵᠢᠷᠤᠭ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠵᠠᠮ ᠳᠡᠭᠡᠷ᠎ᠡ᠂ ᠤᠶᠤᠨᠪᠢᠯᠢᠭ ᠬᠠᠷᠠᠬᠠᠨ ᠠᠯᠬᠤᠭ᠎ᠠ ᠪᠠᠨ ᠵᠣᠭᠰᠣᠭᠰᠠᠨ ᠦᠭᠡᠢ ᠶᠤᠮ᠃ ᠲᠡᠷᠡ ᠰᠤᠷᠭᠠᠨ ᠬᠥᠮᠦᠵᠢᠯ ᠤᠨ ᠠᠵᠢᠯ ᠬᠢᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠠᠷᠠᠰᠤᠨ ᠰᠡᠶᠢᠯᠦᠮᠡᠯ ᠤᠨ ᠵᠢᠷᠤᠭ ᠤᠨ ᠲᠤᠰᠬᠠᠢ ᠮᠡᠷᠭᠡᠵᠢᠯ ᠤᠨ ᠪᠠᠭᠰᠢ ᠶᠢᠨ ᠲᠤᠰᠢᠶᠠᠯ ᠢ ᠡᠭᠦᠷᠭᠡᠯᠡᠵᠦ ᠪᠠᠶᠢᠪᠠ᠃ ᠣᠯᠠᠨ ᠵᠢᠯ ᠤᠨ ᠲᠤᠷᠰᠢ᠂ ᠲᠡᠷᠡ ᠨᠠᠷᠢᠨ ᠬᠢᠨᠠᠮᠠᠭᠠᠢ ᠵᠢᠭᠠᠨ ᠰᠤᠷᠭᠠᠵᠤ᠂ ᠥᠪᠡᠷ ᠤᠨ ᠠᠷᠠᠰᠤᠨ ᠵᠢᠷᠤᠭ ᠤᠨ ᠤᠷ᠎ᠠ ᠮᠡᠷᠭᠡᠵᠢᠯ ᠢᠶᠠᠨ ᠰᠤᠷᠤᠭᠴᠢᠳ ᠲᠤ ᠤᠯᠠᠮᠵᠢᠯᠠᠵᠤ᠂ ᠰᠤᠷᠤᠭᠴᠢᠳ ᠤᠨ ᠪᠠᠭ᠋ᠠᠷᠬᠠᠯ ᠢ ᠶᠡᠬᠡᠳᠡ ᠲᠠᠲᠠᠪᠠ᠃ ︽ᠠᠷᠠᠰᠤᠨ ᠵᠢᠷᠤᠭ ᠤᠨ ᠡᠮᠦᠨ᠎ᠡ᠂ ᠪᠢ ᠵᠥᠪᠬᠡᠨ ᠪᠠᠯᠠᠷᠬᠠᠢ ᠤᠬᠠᠭᠳᠠᠬᠤᠨ᠃ ᠪᠠᠭᠰᠢ ᠨᠠᠷ ᠬᠢᠴᠢᠶᠡᠯ ᠪᠣᠯᠭᠠᠨ ᠳᠤ᠂ ᠤᠳᠠᠭ᠎ᠠ ᠪᠦᠷᠢ ᠶᠢᠨ ᠦᠵᠡᠭᠦᠯᠭᠡ ᠦᠵᠡᠭᠦᠯᠭᠡ ᠳᠤ ᠪᠦᠷ ᠮᠢᠨᠦ ᠠᠷᠠᠰᠤᠨ ᠵᠢᠷᠤᠭ ᠭᠡᠬᠦ ᠡᠨᠡᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠲᠤᠬᠠᠢ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠠᠷᠠᠰᠤᠨ ᠡᠳ᠋ᠯᠡᠯ ᠢ ᠰᠣᠩᠭᠤᠵᠤ ᠪᠠᠶᠢᠭᠰᠠᠨ ᠠᠴᠠ ᠪᠠᠨ ᠵᠢᠷᠤᠭ ᠵᠢᠷᠤᠵᠤ ᠦᠢᠯᠡᠳᠬᠦ ᠬᠦᠷᠲᠡᠯ᠎ᠡ᠂ ᠪᠠᠭᠠᠵᠢ ᠬᠡᠷᠡᠭᠰᠡᠯ ᠢ ᠬᠡᠷᠡᠭᠯᠡᠬᠦ ᠠᠴᠠ ᠡᠴᠦᠰ ᠤᠨ ᠪᠦᠲᠦᠭᠡᠭᠳᠡᠬᠦᠨ ᠢᠯᠡᠷᠡᠬᠦ ᠬᠦᠷᠲᠡᠯ᠎ᠡ᠂ ᠪᠠᠭᠰᠢ ᠨᠢ ᠪᠢᠳᠡᠨ ᠳᠤ ᠥᠴᠦᠬᠡᠨ ᠴᠦ ᠡᠷᠡᠭᠡᠯᠵᠡᠯ ᠦᠭᠡᠢ ᠪᠠᠷ ᠤᠯᠠᠮᠵᠢᠯᠠᠵᠤ᠂ ᠪᠠᠭᠰᠢ ᠨᠢ ᠤᠷ᠎ᠠ ᠮᠡᠷᠭᠡᠵᠢᠯ ᠤᠨ ᠤᠯᠠᠮᠵᠢᠯᠠᠭᠴᠢ ᠪᠣᠯᠬᠤ ᠪᠠᠷ ᠪᠠᠷᠠᠬᠤ ᠦᠭᠡᠢ ᠂ ᠨᠡᠩ ᠴᠤ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢ ᠪᠣᠯᠵᠣ᠂ ᠨᠠᠳᠠ ᠳᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠷᠢᠳᠢ ᠰᠢᠳᠢ ᠶᠢ ᠭᠦᠨᠵᠡᠭᠡᠢ ᠮᠡᠳᠡᠷᠡᠭᠦᠯᠪᠡ︾ ᠭᠡᠵᠦ  ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠲᠡᠨ ᠤ ᠭᠠᠷ ᠤᠷᠠᠯᠠᠯ ᠤᠨ ᠲᠤᠰᠬᠠᠢ ᠮᠡᠷᠭᠡᠵᠢᠯ ᠤᠨ ᠣᠶᠤᠲᠠᠨ ᠪᠤᠤ ᠱᠤ᠋ ᠭᠤᠸᠠᠩ ᠬᠡᠯᠡᠪᠡ᠃     ᠠᠷᠠᠰᠤᠨ ᠵᠢᠷᠤᠭ ᠤᠨ ᠤᠷ᠎ᠠ ᠮᠡᠷᠭᠡᠵᠢᠯ ᠢ ᠨᠡᠩ ᠰᠠᠶᠢᠨ ᠤᠯᠠᠮᠵᠢᠯᠠᠨ ᠬᠥᠭᠵᠢᠭᠦᠯᠬᠦ ᠶᠢᠨ ᠲᠥᠯᠥᠭᠡ᠂ ᠣᠶᠤᠨᠪᠢᠯᠢᠭ᠌ ᠡᠷᠳᠡᠮ ᠰᠢᠨᠵᠢᠯᠡᠭᠡᠨ ᠤ ᠬᠦᠷᠢᠶᠡᠨ ᠳᠤ ᠢᠳᠡᠪᠬᠢᠲᠡᠢ ᠬᠠᠶᠢᠨ ᠰᠦᠪᠡᠭᠴᠢᠯᠡᠪᠡ᠃ 2019 ᠣᠨ ᠳᠤ᠂ ᠤᠶᠤᠨᠪᠢᠯᠢᠭ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠵᠢᠭᠰᠠᠭᠠᠭᠳᠠᠭᠰᠠᠨ ᠲᠦᠰᠢᠶᠡᠲᠦ ᠠᠷᠠᠰᠤᠨ ᠵᠢᠷᠤᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ︔ ᠣᠳᠣ ᠪᠣᠯᠲᠠᠯ᠎ᠠ᠂ ᠣᠶᠤᠨᠪᠢᠯᠢᠭ᠌ ᠨᠢᠭᠡᠨᠲᠡ ᠠᠷᠠᠰᠤᠨ ᠵᠢᠷᠤᠭ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠵᠠᠮ ᠳᠡᠭᠡᠷ᠎ᠡ 100 ᠭᠠᠷᠤᠢ ᠰᠤᠷᠤᠭᠴᠢ ᠶᠢ ᠬᠥᠮᠦᠵᠢᠭᠦᠯᠵᠡᠢ᠃ ︽ᠪᠢ ᠦᠨᠳᠦᠰᠦᠲᠡᠨ ᠨᠦᠭᠦᠳ ᠤᠨ ᠡᠯᠧᠮᠧᠨ᠋ᠲ ᠢ ᠥᠪᠡᠷ ᠤᠨ ᠪᠦᠲᠦᠭᠡᠯ ᠳᠡᠭᠡᠨ ᠠᠭᠤᠰᠬᠠᠵᠤ᠂ ᠵᠢᠱᠢᠶᠡᠯᠡᠪᠡᠯ ᠮᠢᠨᠦ ᠣᠶᠢᠷ᠎ᠠ ᠶᠢᠨ ᠬᠤᠭᠤᠴᠠᠭᠠᠨ ᠤ ᠵᠣᠬᠢᠶᠠᠨ ᠪᠦᠲᠦᠭᠡᠭᠰᠡᠨ ᠪᠦᠲᠦᠭᠡᠯ ᠠᠨᠠᠷ ᠤᠨ ᠴᠡᠴᠡᠭ ᠢ ᠳᠡᠯᠭᠡᠷᠡᠭᠦᠯᠦᠨ᠂ ᠦᠨᠳᠦᠰᠦᠲᠡᠨ ᠤ ᠪᠦᠯᠬᠦᠮᠳᠡᠯ᠂ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠤᠨ ᠵᠣᠬᠢᠶᠠᠨ ᠪᠦᠲᠦᠭᠡᠯᠭᠡ ᠶᠢ ᠮᠢᠨᠦ ᠪᠦᠲᠦᠭᠡᠯ ᠳᠤ ᠠᠭᠤᠰᠬᠠᠵᠤ᠂ ᠳᠠᠷᠠᠭᠠᠴᠢ ᠶᠢᠨ ᠠᠯᠬᠤᠮ ᠳᠤ᠂ ᠪᠢ ᠥᠪᠡᠷ ᠤᠨ ᠰᠤᠷᠤᠭᠴᠢᠳ ᠢᠶᠠᠨ ᠳᠠᠭᠠᠭᠤᠯᠤᠨ ᠠᠷᠠᠰᠤᠨ ᠵᠢᠷᠤᠭ ᠤᠨ ᠤᠷ᠎ᠠ ᠮᠡᠷᠭᠡᠵᠢᠯ ᠢᠶᠠᠨ ᠨᠡᠩ ᠰᠠᠶᠢᠲᠤᠷ ᠤᠯᠠᠮᠵᠢᠯᠠᠵᠤ᠂ ᠨᠡᠩ ᠣᠯᠠᠨ ᠬᠥᠮᠦᠨ ᠳᠤ ᠠᠷᠠᠰᠤᠨ ᠵᠢᠷᠤᠭ ᠤᠨ ᠤᠷ᠎ᠠ ᠮᠡᠷᠭᠡᠵᠢᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠨ᠎ᠡ︾ ᠭᠡᠵᠦ ᠣᠶᠤᠨᠪᠢᠯᠢᠭ᠌ ᠬᠡᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号