ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠨᠤᠲᠤᠭ ᠤᠨ ᠠᠶᠠᠯᠭᠤ ᠶᠢ ᠪᠢ ᠶᠠᠷᠢᠬᠤ︾ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠲᠤᠷᠰᠢᠯᠲᠠ ᠶᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/4/1
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠢᠮᠠᠭᠲᠠ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠵᠠᠮ ᠢᠶᠠᠷ ᠵᠠᠮᠨᠠᠭᠰᠠᠭᠠᠷ ᠢᠷᠡᠵᠡᠢ᠃ 2024 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠲᠣᠰᠬᠤᠨ ᠤ ᠬᠥᠮᠦᠰ ᠲᠣᠰᠬᠤᠨ ᠤ ᠶᠠᠪᠤᠳᠠᠯ ᠢ ᠶᠠᠷᠢᠵᠤ᠂ ᠲᠣᠰᠬᠤᠨ ᠤ ᠶᠠᠪᠤᠳᠠᠯ ᠤᠨ ᠬᠥᠮᠦᠵᠢᠯ ᠤᠨ ᠳᠡᠷᠭᠡᠳᠡᠬᠢ ᠬᠥᠮᠦᠨ︾ ᠢᠶᠠᠷ ᠭᠤᠣᠯ ᠰᠡᠳᠦᠪ ᠪᠣᠯᠭᠠᠵᠤ᠂ ᠥᠷᠭᠡᠨ ᠬᠦᠷᠢᠶᠡᠯᠡᠯ ᠢ ᠣᠯᠤᠭᠰᠠᠨ ︽ᠲᠣᠰᠬᠤᠨ ᠤ ᠰᠣᠨᠣᠰᠤᠯᠲᠠ ᠶᠢᠨ ᠨᠡᠪᠲᠡᠷᠡᠭᠦᠯᠭᠡ︾ ᠶᠢᠨ ᠲᠣᠭᠯᠠᠯᠲᠠ ᠶᠢ ᠡᠭᠦᠳᠴᠦ᠂ ᠨᠤᠲᠤᠭ ᠤᠨ ᠠᠶᠠᠯᠭᠤ ᠪᠠᠷ ᠳᠠᠮᠵᠢᠭᠤᠯᠤᠨ ᠳᠡᠷᠭᠡᠳᠡᠬᠢ ᠰᠠᠶᠢᠨ ᠬᠥᠮᠦᠨ ᠰᠠᠶᠢᠨ ᠶᠠᠪᠤᠳᠠᠯ᠂ ᠤᠯᠤᠰ ᠤᠨ ᠲᠥᠷᠥ ᠶᠢᠨ ᠪᠣᠳᠣᠯᠭ᠎ᠠ ᠵᠡᠷᠭᠡ ᠶᠢ ᠨᠤᠲᠤᠭ ᠤᠨ ᠠᠬ᠎ᠠ ᠳᠡᠭᠦᠦ ᠨᠢᠭᠡᠪᠦᠷᠢ ᠳᠤ ᠤᠯᠠᠮᠵᠢᠯᠠᠵᠤ᠂ ᠣᠯᠠᠨ ᠢᠶᠠᠷ ᠢᠶᠠᠨ ᠣᠷᠣᠯᠴᠠᠬᠤ ᠳᠠᠭᠠᠨ ᠠᠴᠢ ᠲᠤᠰᠠ ᠶᠢ ᠬᠠᠮᠢᠭ᠎ᠠ ᠠᠴᠠ ᠣᠯᠤᠭᠰᠠᠨ ᠢ ᠣᠶᠢᠯᠠᠭᠠᠭᠤᠯᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠦᠯᠢᠭᠡᠷ ᠲᠠᠶᠢᠯᠪᠤᠷᠢᠯᠠᠬᠤ᠂ ᠬᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠪᠣᠯᠪᠠᠰᠤᠨ ᠤ ᠰᠢᠨ᠎ᠡ ᠰᠤᠷᠲᠠᠯ ᠢ ᠦᠢᠯᠡᠳᠦᠯᠴᠡᠯ ᠤᠨ ᠳᠤᠮᠳᠠ ᠦᠨᠳᠦᠰᠦᠯᠡᠭᠦᠯᠦᠨ ᠰᠣᠶᠣᠭᠠᠯᠠᠭᠤᠯᠪᠠ᠃    ᠰᠢᠨ᠎ᠡ ᠴᠠᠭ ᠦᠶ᠎ᠡ ᠶᠢᠨ ᠤᠷᠤᠰᠬᠠᠯ ᠳᠤᠮᠳᠠ᠂ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠴᠢᠨᠠᠷ ᠨᠢ ᠤᠯᠠᠮ ᠠᠴᠠ ᠤᠯᠠᠮ ᠳᠣᠪᠤᠶᠢᠮ᠎ᠠ ᠪᠣᠯᠵᠤ᠂ ᠲᠡᠷᠡ ᠨᠢ ᠮᠠᠨ ᠤ ᠬᠥᠮᠦᠨ ᠨᠢᠭᠡᠪᠦᠷᠢ ᠶᠢᠨ ᠠᠮᠢᠳᠤᠷᠠᠯ ᠤᠨ ᠶᠠᠰᠤ ᠴᠢᠨᠠᠷ ᠪᠠ ᠵᠣᠯ ᠵᠢᠷᠭᠠᠯ ᠤᠨ ᠵᠢᠭᠠᠯᠲᠠ ᠲᠤᠭ᠎ᠠ ᠲᠠᠢ ᠬᠤᠯᠪᠣᠭᠳᠠᠵᠤ ᠪᠠᠶᠢᠳᠠᠭ᠃ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠪᠦᠬᠦ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2025 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠨᠤᠲᠤᠭ ᠤᠨ ᠠᠶᠠᠯᠭᠤ ᠶᠢ ᠪᠢ ᠶᠠᠷᠢᠬᠤ︾ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠲᠤᠷᠰᠢᠯᠲᠠ ᠶᠢ ᠬᠡᠷᠡᠭᠵᠢᠭᠦᠯᠦᠨ᠎ᠡ᠃ ᠨᠤᠲᠤᠭ ᠤᠨ ᠠᠶᠠᠯᠭᠤ ᠨᠢ ᠨᠤᠲᠤᠭ ᠤᠨ ᠪᠠᠶᠢᠳᠠᠯ ᠪᠠ ᠳᠤᠷᠠᠰᠤᠮᠵᠢ ᠶᠢ ᠠᠴᠢᠶᠠᠯᠠᠵᠤ ᠪᠠᠶᠢᠨ᠎ᠠ︔ ᠭᠡᠷ ᠤᠨ ᠰᠤᠷᠲᠠᠯ ᠪᠣᠯ ᠭᠡᠷ ᠪᠦᠯᠢ ᠶᠢᠨ ᠣᠶᠤᠨ ᠰᠠᠨᠠᠭᠠᠨ ᠤ ᠳᠣᠲᠣᠷᠠᠬᠢ ᠴᠥᠮ᠎ᠡ ᠮᠥᠨ᠂ ᠥᠰᠦᠨ ᠪᠤᠶᠢᠵᠢᠬᠤ ᠵᠠᠮ ᠳᠡᠭᠡᠷᠡᠬᠢ ᠵᠢᠯᠣᠭᠤᠳᠬᠤ ᠭᠡᠷᠡᠯᠲᠦ ᠳ᠋ᠧᠩ ᠮᠥᠨ᠃ ᠨᠤᠲᠤᠭ ᠤᠨ ᠠᠶᠠᠯᠭᠤ ᠪᠣᠯᠤᠨ ᠭᠡᠷ ᠤᠨ ᠰᠤᠷᠲᠠᠯ ᠬᠠᠷᠢᠯᠴᠠᠨ ᠲᠣᠬᠢᠶᠠᠯᠳᠤᠬᠤ ᠦᠶ᠎ᠡ ᠳᠤ᠂ ᠶᠠᠮᠠᠷ ᠭᠠᠯ ᠭᠠᠷᠴᠤ ᠴᠢᠳᠠᠬᠤ ᠪᠤᠢ︖ ᠪᠠᠶᠠᠨᠬᠤᠰᠢᠭᠤ ᠪᠠᠯᠭᠠᠰᠤ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ︽ᠨᠤᠲᠤᠭ ᠤᠨ ᠠᠶᠠᠯᠭᠤ ᠶᠢ ᠪᠢ ᠶᠠᠷᠢᠬᠤ︾ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠲᠤᠷᠰᠢᠯᠲᠠ ᠶᠢᠨ ᠴᠡᠭ 20 ᠭᠠᠴᠠᠭ᠎ᠠ᠂ 3 ᠨᠡᠶᠢᠭᠡᠮ ᠲᠣᠭᠤᠷᠢᠭ ᠲᠤ ᠤᠷᠢᠳᠠᠪᠠᠷ ᠲᠤᠷᠰᠢᠯᠲᠠ ᠬᠢᠵᠦ᠂ ᠬᠡᠪ ᠴᠢᠨᠠᠷ ᠢ ᠳᠡᠭᠡᠭᠰᠢᠯᠡᠭᠦᠯᠬᠦ᠂ ᠤᠷᠤᠭᠯᠠᠬᠤ ᠰᠢᠨ᠎ᠡ ᠰᠤᠷᠲᠠᠯ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠬᠡᠪ ᠵᠠᠩᠰᠢᠯ ᠢ ᠥᠭᠡᠷᠡᠴᠢᠯᠡᠬᠦ᠂ ᠨᠤᠲᠤᠭ ᠤᠨ ᠠᠶᠠᠯᠭᠤ ᠶᠢ ᠤᠯᠠᠮᠵᠢᠯᠠᠬᠤ ᠵᠡᠷᠭᠡ ᠲᠠᠪᠤᠨ ᠢᠨᠵᠧᠨᠧᠷᠢᠩ ᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠬᠥᠷᠰᠢ ᠵᠡᠷᠭᠡᠯᠡᠳᠡᠭᠡ᠂ ᠦᠨᠡᠨᠴᠢ ᠢᠲᠡᠭᠡᠮᠵᠢᠲᠡᠢ ᠨᠥᠬᠦᠷᠰᠡᠭ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠎ᠠ︔ ︽ᠪᠣᠯᠪᠠᠰᠤᠨ ᠭᠡᠷ ᠪᠦᠯᠢ︾᠂ ︽ᠬᠠᠮᠤᠭ ᠭᠤᠶᠣ ᠭᠡᠷ ᠪᠦᠯᠢ︾ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠨᠡᠶᠢᠲᠡ ᠶᠢᠨ ᠶᠣᠰᠣ ᠰᠤᠷᠲᠠᠬᠤᠨ ᠪᠠ ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ ᠭᠡᠷ ᠪᠦᠯᠢ ᠶᠢᠨ ᠠᠭᠤᠷ ᠠᠮᠢᠰᠬᠤᠯ ᠢ ᠪᠤᠢ ᠪᠣᠯᠭᠠᠨ᠎ᠠ︔ ᠦᠯᠢᠭᠡᠷ᠂ ᠬᠤᠯᠪᠣᠭ᠎ᠠ᠂ ᠳᠥᠷᠪᠡᠨ ᠤᠲᠠᠰᠤᠲᠤ ᠬᠤᠭᠤᠷ ᠤᠨ ᠬᠡᠯᠪᠡᠷᠢ ᠪᠠᠷ ︽ᠲᠠᠭᠤ ᠣᠷᠬᠢᠯ︾ ᠭᠡᠬᠦ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠪᠣᠳᠠᠰ ᠤᠨ ᠪᠤᠰᠤ ᠰᠣᠶᠣᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ︔ ᠵᠠᠯᠠᠭᠤᠴᠤᠳ ︽ᠴᠤᠤᠷᠢᠶ᠎ᠠ︾᠂ ︽ᠪᠤᠰᠢᠭᠤ ᠲᠦᠷᠭᠡᠨ︾᠂ ᠸᠢᠴᠠᠲ ︽ᠨᠠᠶᠢᠵᠠ ᠶᠢᠨ ᠲᠣᠭᠤᠷᠢᠭ︾ ᠵᠡᠷᠭᠡ ᠰᠢᠨ᠎ᠡ ᠵᠠᠭᠤᠴᠢᠯᠠᠭᠤᠷ ᠢ ᠪᠦᠲᠦᠮᠵᠢᠲᠡᠢ ᠬᠡᠷᠡᠭᠯᠡᠵᠦ᠂ ᠨᠤᠲᠤᠭ ᠤᠰᠤᠨ ᠤ ᠬᠡᠪ ᠰᠤᠷᠲᠠᠯ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ᠂ ᠪᠠᠶᠢᠭᠠᠯᠢ ᠶᠢᠨ ᠥᠩᠭᠡ ᠦᠵᠡᠮᠵᠢ᠂ ᠤᠯᠠᠮᠵᠢᠯᠠᠯᠲᠤ ᠭᠠᠷ ᠤᠷᠠᠯᠠᠯ᠂ ᠨᠤᠲᠤᠭ ᠤᠨ ᠦᠯᠢᠭᠡᠷ᠂ ᠨᠤᠲᠤᠭ ᠤᠰᠤᠨ ᠤ ᠢᠷᠠᠭᠤ ᠠᠯᠳᠠᠷ ᠢ ᠶᠡᠬᠡᠪᠡᠷ ᠤᠬᠠᠭᠤᠯᠤᠨ᠎ᠠ᠃    ︽ᠨᠤᠲᠤᠭ ᠤᠨ ᠠᠶᠠᠯᠭᠤ ᠶᠢ ᠪᠢ ᠶᠠᠷᠢᠬᠤ︾ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠲᠤᠷᠰᠢᠯᠲᠠ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠡᠪᠳᠡᠵᠦ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠰᠠᠯᠲᠠ ᠨᠢ ᠪᠦᠲᠦᠮᠵᠢᠲᠡᠢ᠂ ᠡᠶ᠎ᠡ ᠵᠣᠬᠢᠴᠠᠩᠭᠤᠢ ᠡᠮᠬᠢ ᠵᠢᠷᠤᠮ ᠲᠠᠢ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠶᠡᠬᠡᠪᠡᠷ ᠪᠣᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号