︽ᠶᠡᠭᠡ ᠡᠯᠡᠰᠦᠨ ᠤ ᠦᠨᠦᠴᠢᠨ ᠣᠲᠤᠭ᠎ᠠ ᠡᠭᠴᠡ᠂ ᠣᠷᠲᠣ ᠭᠤᠣᠯ ᠤᠨ ᠰᠢᠩᠭᠡᠬᠦ ᠨᠠᠷᠠᠨ ᠲᠦᠬᠦᠷᠢᠭ︾ ᠭᠡᠵᠦ | ᠮᠢᠩᠭᠠᠨ ᠵᠢᠯ ᠤᠨ ᠲᠡᠷᠲᠡᠭᠡ ᠰᠢᠯᠦᠭᠴᠢ ᠶᠢᠨ ᠣᠷᠮᠠᠰ ᠢ ᠬᠦᠭᠵᠢᠭᠡᠵᠦ ᠣᠶᠠᠩᠭᠠᠯᠠᠭᠤᠯᠵᠦ ᠠᠬᠰᠠᠨ ᠭᠠᠶᠢᠬᠠᠮᠰᠢᠬᠲᠣ | ᠦᠵᠡᠮᠵᠢ ᠦᠨᠦᠲᠦᠷ ᠬᠦᠮᠦᠨ ᠣᠯᠠᠨ ᠢ ᠱᠠᠬᠰᠢᠭᠤᠯᠵᠦ᠂ ᠲᠡᠯᠡᠬᠡᠢ ᠶᠢᠨ ᠦᠪ ᠤᠨ ᠨᠡᠷᠡᠰ ᠲᠤ ᠵᠢᠭᠰᠠᠭᠠᠭᠳᠠᠯᠠ᠃ | ᠲᠦᠷᠦᠬᠦᠭᠡᠨ 46 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠶᠢᠨ ᠥᠪ ᠤᠨ ᠵᠥᠪᠯᠡᠯ ᠤᠨ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠥᠪᠥᠷ ᠮᠣᠩᠭᠤᠯ ᠤᠨ ᠪᠠᠳᠠᠢ ᠶᠢᠨ ᠵᠢᠷᠠᠨ ᠤ ᠡᠯᠡᠰᠦ — ᠡᠯᠡᠰᠦᠨ | ᠴᠤᠬᠢᠶ᠎ᠠ ᠨᠠᠭᠤᠷ ᠪᠦᠷᠢᠳᠦ ᠨᠦᠭᠦᠳ ︽ᠳᠡᠯᠡᠬᠡᠢ ᠶᠢᠨ ᠥᠪ ᠤᠨ ᠨᠡᠷᠡᠰ ᠤᠨ ᠵᠢᠬᠰᠠᠭᠠᠯᠳᠠ︾ ᠳᠤ ᠠᠮᠵᠢᠯᠲᠠ ᠲᠠᠢ | ᠪᠦᠷᠢᠳᠬᠡᠬᠦᠯᠵᠦ᠂ ᠳᠡᠯᠡᠬᠡᠢ ᠶᠢᠨ ᠪᠠᠶᠢᠭᠠᠯᠢ ᠶᠢᠨ ᠥᠪ ᠲᠤ ᠮᠠᠨ ᠤ ᠤᠯᠤᠰ ᠤᠨ ᠡᠯᠡᠰᠦᠨ ᠴᠦᠯ ᠤᠨ ᠲᠦᠷᠦᠯ | ᠬᠡᠯᠪᠡᠷᠢ ᠬᠤᠭᠤᠰᠣᠨ ᠪᠠᠶᠢᠬᠰᠠᠨ ᠢ ᠨᠥᠬᠦᠪᠥᠷᠢᠯᠡᠵᠡᠢ᠃ | ᠢᠩᠬᠢᠵᠦ ᠬᠡᠯᠡᠬᠦ ᠠᠴᠠ ᠠᠯᠢ ᠡᠷᠲᠡ ᠠᠷᠠᠳ ᠤᠨ ᠲᠠᠭᠤᠣ ᠳᠤ ︽ᠦᠩ ᠦᠷᠭᠡᠨ ᠠᠯᠠᠱᠠ ᠣᠯᠲᠠᠬᠤᠶᠠ ᠪᠡᠷᠬᠡ | ᠨᠣᠲᠤᠬ︾ ᠭᠡᠵᠦ ᠣᠯᠠᠮᠵᠢᠯᠠᠨ ᠲᠠᠭᠤᠯᠠᠬᠰᠠᠭᠠᠷ ᠢᠷᠡᠭᠰᠡᠨ ᠨᠢ ᠴᠠᠭᠠᠨ᠎ᠠ ᠪᠠᠨ ᠵᠦᠩᠨᠡᠯ ᠪᠡᠯᠭᠡᠲᠡᠯ ᠤᠨ ᠰᠠᠨᠠᠭ᠎ᠠ ᠲᠠᠢ | ᠪᠠᠶᠢᠬᠰᠠᠨ ᠮᠡᠲᠦ᠃ | ᠪᠠᠲᠠᠢ ᠶᠢᠨ ᠵᠢᠷᠠᠨ ᠤ ᠡᠯᠡᠰᠦᠨ ᠴᠦᠯ ᠲᠡᠯᠡᠬᠡᠢ ᠶᠢᠨ ᠦᠪ ᠤᠨ ᠨᠡᠷᠡᠰ ᠤᠨ ᠵᠢᠬᠰᠠᠭᠠᠯᠲᠠ ᠳᠤ | ᠪᠦᠷᠢᠳᠭᠡᠬᠦᠯᠦᠭᠰᠡᠨ ᠨᠢ ᠮᠠᠨ ᠤ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠠᠮᠵᠢᠯᠲᠠ ᠶᠢ | ᠬᠠᠷᠠᠭᠤᠯᠬᠤ ᠲᠡᠳᠦᠢ ᠦᠭᠡᠢ ᠠᠭᠤᠯᠠ ᠣᠰᠣ ᠣᠢ ᠰᠢᠭᠤᠢ ᠭᠠᠵᠠᠷ ᠲᠠᠷᠢᠶ᠎ᠠ ᠨᠠᠭᠤᠷ ᠪᠦᠷᠢᠲᠦ ᠡᠯᠡᠰᠦ ᠮᠠᠩᠬ᠎ᠠ ᠶᠢ | ᠨᠢᠭᠡ ᠴᠣᠬᠴᠠᠵᠢᠭᠤᠯᠣᠨ ᠬᠠᠮᠠᠭᠠᠯᠠᠬᠤ ᠶᠢ ᠨᠢᠭᠡᠲᠦᠯᠲᠡᠢ ᠠᠬᠢᠭᠤᠯᠣᠬᠰᠠᠨ ᠤ ᠦᠷ᠎ᠡ ᠪᠦᠲᠦᠭᠡᠯ ᠪᠣᠯᠬᠤ ᠶᠣᠮ᠃ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ | ᠵᠣᠬᠢᠶᠠᠨ ᠪᠠᠶᠢᠭᠤᠯᠤᠯᠲᠠ ᠶᠢᠨ ᠦᠵᠡᠬᠦ ᠪᠠᠷ᠂ ᠪᠠᠳᠠᠶ ᠶᠢᠨ ᠵᠢᠷᠠᠨ ᠤ ᠡᠯᠡᠰᠦ — ᠡᠯᠡᠰᠦᠨ ᠴᠤᠬᠢᠶ᠎ᠠ ᠨᠠᠭᠤᠷ | ᠪᠦ᠋ᠷᠢᠳᠤ ᠨᠦᠭᠦᠳ ᠨᠢ ᠳᠡᠯᠡᠬᠡᠶ ᠶᠢᠨ ᠥᠪ ᠤᠨ ᠪᠠᠷᠢᠮᠵᠢᠶ᠎ᠠ ᠳᠤ ᠨᠡᠶᠢᠴᠡᠵᠦ᠂ ᠭᠠᠶᠢᠬᠠᠮᠰᠢᠭᠲᠤ ᠰᠠᠶᠢᠬᠠᠨ ᠪᠠᠶᠢᠭᠠᠯᠢ ᠶᠢᠨ | ᠦᠵᠡᠭᠳᠡᠯ ᠪᠤᠶᠤ ᠬᠤᠪᠣᠷ ᠲᠣᠬᠢᠶᠠᠯᠳᠤᠬᠤ ᠪᠠᠶᠢᠭᠠᠯᠢ ᠶᠢᠨ ᠭᠤ ᠤᠠ᠋ ᠰᠠᠶᠢᠬᠠᠨ ᠪᠠ ᠭᠤ ᠤᠠ᠋ ᠵᠦᠶ ᠶᠢᠨ ᠦᠨ᠎ᠡ | ᠥᠷᠲᠡᠭ ᠲᠠᠢ ᠭᠠᠵᠠᠷ ᠣᠷᠣᠨ ᠵᠢᠴᠢ ᠪᠠᠷᠢᠮᠵᠢᠶ᠎ᠠ ᠳᠤ ᠨᠡᠶᠢᠴᠡᠵᠦ᠂ ᠳᠡᠯᠡᠬᠡᠶ ᠶᠢᠨ ᠪᠥᠮᠪᠥᠷᠴᠡᠭ ᠤᠨ ᠬᠤᠪᠢᠰᠤᠯ ᠤᠨ | ᠲᠡᠦᠬᠡᠨ ᠳᠠᠬᠢ ᠴᠢᠬᠤᠯᠠ ᠱᠠᠲᠤ ᠦᠶ᠎ᠡ ᠶᠢᠨ ᠲᠣᠪᠤᠶᠢᠮ᠎ᠠ ᠭᠡᠷᠡᠴᠢ ᠪᠣᠯᠬᠤ ᠶᠣᠮ᠃ ᠡᠭᠦᠨ ᠳᠤ ᠠᠮᠢ ᠨᠠᠰᠤᠨ ᠤ | ᠲᠡᠮᠳᠡᠭᠯᠡᠯ ᠪᠠ ᠭᠠᠵᠠᠷ ᠤᠨ ᠲᠥᠷᠬᠦ ᠶᠢᠨ ᠬᠤᠪᠢᠰᠤᠯᠲᠠ ᠳᠤᠮᠳᠠᠬᠢ ᠴᠢᠬᠤᠯᠠ ᠭᠠᠵᠠᠷ ᠰᠢᠨᠵᠢᠯᠡᠭᠡᠨ ᠤ ᠶᠠᠪᠤᠴᠠ ᠪᠤᠶᠤ | ᠢᠯᠡᠷᠬᠡᠶ ᠭᠠᠵᠠᠷ ᠰᠢᠨᠵᠢᠯᠡᠭᠡ ᠵᠢᠴᠢ ᠭᠠᠵᠠᠷ ᠤᠨ ᠲᠥᠷᠬᠦ ᠶᠢᠨ ᠣᠨᠴᠠᠯᠢᠭ ᠪᠠᠭᠲᠠᠲᠠᠬ ᠪᠢᠯᠡ᠃ | ᠪᠠᠳᠠᠢ ᠶᠢᠨ ᠵᠢᠷᠠᠨ ᠤ ᠡᠯᠡᠰᠦᠨ ᠴᠦᠯ ᠪᠣᠯ ᠳᠤᠮᠳᠠᠳᠤ ᠤᠯᠤᠰ ᠤᠨ ᠭᠤᠷᠪᠠᠳᠤᠭᠠᠷ ᠶᠡᠭᠡ ᠡᠯᠡᠰᠦᠨ ᠴᠦᠯ ᠪᠠᠶᠢᠵᠤ | ᠂ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠭᠠᠩ ᠬᠠᠭᠤᠷᠠᠢ ᠰᠡᠷᠢᠭᠦᠨ ᠪᠦᠰᠡ ᠶᠢᠨ ᠴᠦᠯᠯᠡᠷᠭᠡᠭ ᠣᠷᠣᠨ ᠤ | ᠠᠯᠠᠱᠠ ᠶᠢᠨ ᠥᠨᠳᠦᠷᠯᠢᠭ ᠲᠤ ᠪᠠᠶᠢᠷᠢᠯᠠᠲᠠᠬ᠃ ᠭᠡᠬᠦ ᠳᠡᠭᠡᠨ ᠪᠠᠲᠠᠢ ᠶᠢᠨ ᠵᠢᠷᠠᠨ ᠢ ᠵᠦᠪᠬᠡᠨ ᠡᠯᠡᠰᠦ ᠮᠠᠩᠬ᠎ᠠ ᠭᠡᠵᠦ | ᠦᠵᠡᠪᠡᠯ ᠪᠣᠷᠣᠭᠤᠲᠠᠬᠤ ᠪᠣᠯᠣᠨ᠎ᠠ᠃ ᠡᠷᠲᠡᠮᠲᠡᠳ ᠤᠨ ᠪᠠᠶᠢᠴᠠᠭᠠᠨ ᠰᠢᠨᠵᠢᠯᠡᠭᠰᠡᠨ ᠢᠢᠡᠷ ᠠᠲᠡᠬᠢ ᠨᠢ ᠣᠣᠯ ᠳᠠᠭᠠᠨ | ᠡᠬᠡ ᠬᠠᠭᠤᠷᠠᠢ ᠶᠢᠨ ᠲᠣᠲᠣᠭᠠᠲᠣ ᠳᠠᠬᠢ ᠲᠣᠮᠣ ᠨᠠᠭᠤᠷ ᠲᠠᠯᠠᠢ ᠪᠠᠶᠢᠬᠰᠠᠨ ᠪᠦᠭᠡᠳ ᠡᠷᠬᠢᠨ ᠲᠣᠭᠤᠷᠢᠨ ᠢᠢᠡᠷ ᠢᠢᠡᠨ | ᠠᠭᠤᠯᠠ ᠨᠢᠷᠣᠭᠤ ᠪᠠᠷ ᠬᠦᠷᠢᠶᠡᠯᠡᠭᠲᠡᠵᠦ᠂ ᠣᠷᠴᠢᠬᠤ ᠴᠠᠬ ᠤᠨ ᠡᠯᠡᠭᠡᠯᠲᠡ ᠪᠠᠷ ᠰᠠᠶ᠋ᠢ ᠡᠯᠡᠰᠦᠨ ᠴᠦᠯ ᠪᠣᠯᠣᠬᠰᠠᠨ | ᠠᠵᠢ᠃ | ᠲᠡᠯᠡᠬᠡᠢ ᠶᠢᠨ ᠦᠪ ᠲᠤ ᠪᠦᠷᠢᠳᠭᠡᠬᠦᠯᠦᠭᠰᠡᠨ ᠪᠠᠲᠠᠢ ᠶᠢᠨ ᠵᠢᠷᠠᠨ ᠳᠤ ᠪᠠᠭ᠋ᠠᠲᠣᠭᠠᠳ ᠪᠠᠷᠠᠰᠢ ᠦᠭᠡᠢ ᠣᠯᠠᠨ | ᠭᠠᠶᠢᠬᠠᠮᠰᠢᠬᠲᠣ ᠦᠵᠡᠮᠵᠢ ᠲᠠᠢ᠃ ᠪᠠᠳᠠᠶ ᠶᠢᠨ ᠵᠢᠷᠠᠨ ᠤ ᠡᠯᠡᠰᠦ — ᠡᠯᠡᠰᠦᠨ ᠴᠤᠬᠢᠶ᠎ᠠ ᠨᠠᠭᠤᠷ | ᠪᠦ᠋ᠷᠢᠳᠤ ᠨᠦᠭᠦᠳ ᠤᠨ ᠳᠡᠯᠡᠬᠡᠶ ᠶᠢᠨ ᠪᠠᠶᠢᠭᠠᠯᠢ ᠶᠢᠨ ᠥᠪ ᠤᠨ ᠭᠠᠵᠠᠷ ᠲᠤ ᠳᠡᠯᠡᠬᠡᠶ ᠳᠡᠭᠡᠷᠡᠬᠢ ᠬᠠᠮᠤᠭ ᠤᠨ ᠨᠢᠭᠲᠠ | ᠲᠥᠪᠯᠡᠷᠡᠭᠰᠡᠨ ᠥᠨᠳᠥᠷ ᠶᠡᠭᠡ ᠡᠯᠡᠰᠦᠨ ᠴᠤᠬᠢᠶ᠎ᠠ᠂ ᠳᠡᠯᠡᠬᠡᠶ ᠳᠡᠭᠡᠷᠡᠬᠢ ᠬᠠᠮᠤᠭ ᠤᠨ ᠥᠨᠳᠥᠷ ᠲᠣᠭᠲᠠᠪᠤᠷᠢᠳᠠᠢ | ᠡᠯᠡᠰᠦᠨ ᠳᠣᠪᠣᠴᠠᠭ᠂ 144 ᠥᠪᠡᠷᠮᠢᠴᠡ ᠳᠣᠪᠣᠴᠠᠭ ᠤᠨ ᠬᠤᠭᠤᠷᠣᠨᠳᠣᠬᠢ ᠨᠠᠭᠤᠷ ᠪᠦᠷᠢᠳᠤ ᠪᠠᠭᠲᠠᠵᠤ᠂ | ᠰᠣᠯᠪᠢᠴᠠᠯ ᠦᠵᠡᠮᠵᠢ ᠨᠢ ᠳᠡᠭᠡᠳᠦ ᠬᠡᠮᠵᠢᠶᠡᠨ ᠤ ᠭᠤ ᠤᠠ᠋ ᠰᠠᠶᠢᠬᠠᠨ ᠤ ᠦᠨ᠎ᠡ ᠥᠷᠲᠡᠭ ᠲᠠᠢ ᠪᠠᠶᠢᠵᠦ᠂ ᠣᠷᠣᠨ | ᠪᠦᠰᠡ ᠶᠢᠨ ᠭᠠᠵᠠᠷ ᠤᠨ ᠪᠦᠲᠦᠴᠡ ᠶᠢᠨ ᠬᠤᠪᠢᠷᠠᠯᠲᠠ᠂ ᠠᠭᠤᠷ ᠠᠮᠢᠰᠬᠤᠯ ᠤᠨ ᠬᠤᠪᠢᠷᠠᠯᠲᠠ᠂ ᠭᠠᠵᠠᠷ ᠤᠨ | ᠲᠥᠷᠬᠦ ᠶᠢᠨ ᠬᠤᠪᠢᠰᠤᠯᠲᠠ ᠴᠢᠨᠠᠭᠰᠢᠯᠠᠪᠠᠯ ᠤᠰᠤᠨ ᠤ ᠵᠦᠶ ᠶᠢᠨ ᠬᠤᠪᠢᠷᠠᠯᠲᠠ ᠶᠢᠨ ᠣᠨᠴᠠᠯᠢᠭ ᠢ ᠪᠦᠷᠢᠨ | ᠪᠦᠲᠦᠨ ᠢᠶᠠᠷ ᠲᠡᠮᠳᠡᠭᠯᠡᠨ ᠲᠤᠰᠬᠠᠵᠤ᠂ ᠪᠥᠬᠦ ᠪᠥᠮᠪᠥᠷᠴᠡᠭ ᠤᠨ ᠬᠡᠪᠴᠢᠶᠡᠨ ᠳᠤ ᠡᠯᠡᠰᠦ ᠪᠤᠢ ᠪᠤᠯᠤᠬᠰᠠᠨ ᠪᠠ ᠰᠠᠯᠬᠢ | ᠡᠯᠡᠰᠦᠨ ᠤ ᠭᠠᠵᠠᠷ ᠤᠨ ᠲᠥᠷᠬᠦ ᠶᠢᠨ ᠶᠠᠪᠤᠴᠠ ᠶᠢ ᠰᠤᠳᠤᠯᠬᠤ ᠲᠥᠯᠥᠭᠡᠯᠡᠬᠦ ᠴᠢᠨᠠᠷᠲᠠᠶ ᠣᠷᠣᠨ ᠪᠦᠰᠡ ᠪᠣᠯᠬᠤ ᠠᠵᠢ | ᠃ | ᠪᠠᠶᠢᠭᠠᠯᠢ ᠶᠢᠨ ᠭᠠᠶᠢᠬᠠᠮᠰᠢᠬ ᠢ ᠪᠠᠭ᠋ᠠᠲᠣᠨ ᠰᠣᠨᠢᠷᠬᠠᠬᠤ ᠭᠡᠪᠡᠯ ᠪᠠᠲᠠᠢ ᠶᠢᠨ ᠵᠢᠷᠠᠨ ᠳᠤ ᠵᠠᠪᠠᠯ ᠬᠦᠷᠬᠦ ᠬᠡᠷᠡᠭᠲᠡᠢ ᠳ᠋ᠠ︕ | | |