ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ | ᠯᠢ ᠴᠢᠶᠠᠩ ᠬᠤᠷᠠᠯ ᠢ ᠡᠷᠭᠢᠯᠡᠵᠦ ᠵᠣᠣ ᠯᠧ ᠵᠢᠶ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ | ᠬᠤᠷᠠᠯ ᠳᠤ ᠣᠷᠣᠯᠴᠠᠵᠠᠢ | | | | ■ ᠮᠠᠨ ᠤ ᠤᠯᠤᠰ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠦᠷᠰᠢ ᠵᠡᠷᠭᠡᠯᠡᠳᠡᠭᠡ | ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ | ᠭᠠᠳᠠᠭᠠᠳᠤ ᠬᠠᠷᠢᠯᠴᠠᠭᠠᠨ ᠤ ᠪᠦᠬᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠤᠨ᠎ᠠ᠃ ᠪᠦᠬᠦ ᠪᠥᠮᠪᠥᠷᠴᠡᠭ ᠤᠨ | ᠬᠠᠷᠠᠭᠠᠰᠤ ᠠᠴᠠ ᠬᠦᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠦᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ | ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠬᠤ ᠬᠡᠷᠡᠭᠲᠡᠢ᠃ | ■ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠳᠣᠲᠣᠨᠣ ᠦᠨᠡᠨᠴᠢ ᠠᠰᠢᠭᠲᠠᠶ | ᠪᠠᠭᠲᠠᠭᠠᠮᠵᠢᠲᠠᠶ ᠬᠦᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠦᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ | ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠣᠯᠭᠠᠵᠤ᠂ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠪᠥᠬᠦ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠦᠷᠰᠢ ᠵᠡᠷᠭᠡᠯᠡᠳᠡᠭᠡ ᠶᠢᠨ | ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠦᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠶ ᠠᠮᠵᠢᠯᠲᠠ | ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ | ᠪᠤᠢ ᠪᠣᠯᠭᠠᠭᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ | ■ ᠣᠳᠣᠬᠠᠨ ᠳᠤ ᠮᠠᠨ ᠤ ᠤᠯᠤᠰ ᠪᠣᠯᠤᠨ ᠬᠦᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠤᠢᠢᠷ᠎ᠠ ᠦᠶ᠎ᠡ ᠠᠴᠠ | ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠦᠷᠰᠢ ᠵᠡᠷᠭᠡᠯᠡᠳᠡᠭᠡ ᠶᠢᠨ | ᠪᠠᠶᠢᠷᠢᠰᠢᠯ ᠪᠣᠯᠤᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠣᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠪᠣᠯᠤᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ | ᠨᠢᠭᠡᠳᠦᠯᠲᠡᠢ ᠲᠥᠯᠥᠪᠵᠢᠭᠦᠯᠦᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ | ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠭᠦᠯᠡᠩᠲᠦ ᠰᠠᠶᠢᠬᠠᠨ᠂ | ᠨᠥᠬᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ | ᠡᠶᠡᠯᠳᠡᠭ ᠬᠥᠷᠰᠢ᠂ ᠠᠮᠤᠷ ᠲᠤᠭᠳᠠᠭᠤᠨ ᠬᠦᠷᠰᠢ᠂ ᠬᠦᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠲᠤᠳᠤᠨᠤ ᠦᠨᠡᠨᠴᠢ | ᠠᠰᠢᠭᠳᠠᠢ ᠪᠠᠭᠲᠠᠭᠠᠮᠵᠢᠲᠠᠶ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ | ᠲᠠᠶᠢᠪᠤᠩ᠂ ᠬᠠᠮᠳᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ | ᠦᠨᠳᠦᠰᠦᠨ ᠵᠢᠷᠤᠮᠯᠠᠯ ᠪᠣᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠳᠠᠢ ᠪᠥᠲᠥᠭᠡᠨ | ᠪᠠᠶᠢᠭᠤᠯᠬᠤ ᠪᠠᠷ ᠭᠤᠤᠯ ᠲᠠᠪᠴᠠᠩ ᠪᠣᠯᠭᠠᠵᠤ᠂ ᠠᠮᠤᠷ ᠲᠦᠪᠰᠢᠨ ᠢ ᠬᠠᠮᠳᠦ ᠪᠠᠷ ᠡᠳ᠋ᠯᠡᠵᠤ ᠠᠶᠤᠯ ᠲᠦᠭᠰᠢᠭᠦᠷᠢ ᠶᠢ | ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ | ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠵᠤ᠂ | ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ᠃ | ■ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠷᠰᠢ ᠵᠡᠷᠭᠡᠯᠡᠳᠡᠭᠡ | ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ | ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ | ᠵᠥᠷᠢᠯᠳᠦᠭᠡᠨ ᠢᠶᠠᠨ ᠲᠣᠬᠢᠲᠠᠶ ᠬᠠᠮᠢᠶᠠᠷᠤᠨ ᠡᠵᠡᠮᠳᠡᠬᠦ ᠬᠡᠷᠡᠭᠲᠡᠶ︔ ᠬᠥᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠳᠠᠢ︔ ᠭᠠᠵᠠᠷ ᠣᠷᠣᠨ ᠤ ᠲᠣᠭᠲᠠᠭᠤᠨ | ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ | ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠬᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ | ᠥᠷᠭᠡᠳᠭᠡᠵᠦ᠂ ᠬᠥᠮᠦᠰ ᠤᠨ ᠶᠠᠪᠤᠯᠴᠠᠭ᠎ᠠ ᠳᠤ ᠲᠦᠬᠦᠮ ᠦᠵᠡᠭᠦᠯᠬᠦ ᠬᠡᠷᠡᠭᠳᠠᠢ᠃ | ■ ᠬᠦᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ | ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠬᠰᠠᠨ | ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠠᠢ᠃ ᠴᠢᠳᠠᠪᠤᠷᠢ ᠪᠠ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ | ᠡᠭᠦᠳᠬᠦ ᠶᠢ ᠠᠬᠢᠭᠤᠯᠬᠤ ᠬᠡᠷᠡᠭᠳᠠᠢ᠃ | | | | | | | ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠣᠯᠲᠠᠯ᠎ᠠ ᠪᠡᠭᠡᠵᠢᠩ ᠳᠤ | ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ᠃ | ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠦᠷᠰᠢ | ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠲᠦᠮᠵᠢ ᠪᠣᠯᠤᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ | ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠬᠦᠷᠰᠢ ᠵᠡᠷᠭᠡᠯᠡᠳᠡᠭᠡ ᠶᠢᠨ ᠠᠵᠢᠯ ᠤᠨ | ᠬᠠᠷᠠᠯᠲᠠ ᠡᠭᠦᠷᠭᠡ ᠪᠣᠯᠤᠨ ᠰᠡᠳᠭᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠦᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠰᠢ ᠵᠡᠷᠭᠡᠯᠡᠳᠡᠭᠡ ᠶᠢᠨ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ ᠢ | ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠮᠠᠨ ᠤ ᠤᠯᠤᠰ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠦᠷᠰᠢ | ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠬᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠤᠨ᠎ᠠ᠃ | ᠪᠦᠬᠦ ᠪᠥᠮᠪᠥᠷᠴᠡᠭ ᠤᠨ ᠬᠠᠷᠠᠭᠠᠰᠤ ᠠᠴᠠ ᠬᠦᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠦᠷᠰᠢ ᠵᠡᠷᠭᠡᠯᠡᠳᠡᠭᠡ ᠶᠢᠨ | ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠳᠣᠲᠣᠨᠣ ᠦᠨᠡᠨᠴᠢ | ᠠᠰᠢᠭᠲᠠᠶ ᠪᠠᠭᠲᠠᠭᠠᠮᠵᠢᠲᠠᠶ ᠬᠦᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠦᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ | ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠣᠯᠭᠠᠵᠤ᠂ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠪᠥᠬᠦ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠦᠷᠰᠢ ᠵᠡᠷᠭᠡᠯᠡᠳᠡᠭᠡ ᠶᠢᠨ | ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠦᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠶ ᠠᠮᠵᠢᠯᠲᠠ | ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ | ᠪᠤᠢ ᠪᠣᠯᠭᠠᠭᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠤ ᠦᠵᠡᠪᠡ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠤᠨ ᠬᠦᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠤᠢᠢᠷ᠎ᠠ | ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠦᠷᠰᠢ | ᠵᠡᠷᠭᠡᠯᠡᠳᠡᠭᠡ ᠶᠢᠨ ᠪᠠᠶᠢᠷᠢᠰᠢᠯ ᠪᠣᠯᠤᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠣᠭᠠᠯᠠᠨ ᠬᠥᠳᠡᠯᠦᠯᠴᠡᠬᠦ ᠴᠢᠬᠤᠯᠠ | ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠪᠣᠯᠤᠨ ᠤᠯᠤᠰ ᠤᠨ ᠭᠤᠣᠯ | ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ | ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ | ᠬᠥᠭᠵᠢᠭᠰᠡᠨ᠂ ᠦᠵᠡᠰᠭᠦᠯᠡᠩᠲᠦ ᠰᠠᠶᠢᠬᠠᠨ᠂ ᠨᠥᠬᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ | ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠤᠭᠳᠠᠭᠤᠨ ᠬᠦᠷᠰᠢ᠂ ᠬᠦᠷᠰᠢ ᠵᠡᠷᠭᠡᠯᠡᠳᠡᠭᠡ ᠪᠠᠨ | ᠪᠠᠶᠠᠵᠢᠭᠤᠯᠬᠤ᠂ ᠲᠤᠳᠤᠨᠤ ᠦᠨᠡᠨᠴᠢ ᠠᠰᠢᠭᠳᠠᠢ ᠪᠠᠭᠲᠠᠭᠠᠮᠵᠢᠲᠠᠶ᠂ ᠬᠤᠪᠢ ᠵᠠᠶᠠᠭ᠎ᠠ ᠪᠠᠨ ᠬᠠᠮᠲᠤᠳᠬᠠᠬᠤ | ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠳᠤᠷᠠᠯᠴᠠᠭ᠎ᠠ ᠬᠢᠬᠦ᠂ ᠨᠡᠭᠡᠭᠡᠯᠲᠡ ᠬᠢᠬᠦ᠂ | ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠣᠯᠭᠠᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠳᠠᠢ ᠪᠥᠲᠥᠭᠡᠨ ᠪᠠᠶᠢᠭᠤᠯᠬᠤ ᠪᠠᠷ ᠭᠤᠤᠯ ᠲᠠᠪᠴᠠᠩ ᠪᠣᠯᠭᠠᠵᠤ᠂ ᠠᠮᠤᠷ | ᠲᠦᠪᠰᠢᠨ ᠢ ᠬᠠᠮᠳᠦ ᠪᠠᠷ ᠡᠳ᠋ᠯᠡᠵᠤ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ | ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ | ᠵᠠᠭᠪᠤᠷ ᠢᠶᠠᠷ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠵᠤ᠂ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ | ᠬᠤᠯᠪᠣᠯᠴᠠᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠷᠰᠢ | ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ | ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ | ᠵᠥᠷᠢᠯᠳᠦᠭᠡᠨ ᠢᠶᠠᠨ ᠲᠣᠬᠢᠲᠠᠶ ᠬᠠᠮᠢᠶᠠᠷᠤᠨ ᠡᠵᠡᠮᠳᠡᠬᠦ ᠬᠡᠷᠡᠭᠲᠡᠶ︔ ᠬᠥᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠳᠠᠢ︔ ᠭᠠᠵᠠᠷ ᠣᠷᠣᠨ ᠤ ᠲᠣᠭᠲᠠᠭᠤᠨ | ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ | ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠬᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ | ᠥᠷᠭᠡᠳᠭᠡᠵᠦ᠂ ᠬᠥᠮᠦᠰ ᠤᠨ ᠶᠠᠪᠤᠯᠴᠠᠭ᠎ᠠ ᠳᠤ ᠲᠦᠬᠦᠮ ᠦᠵᠡᠭᠦᠯᠬᠦ ᠬᠡᠷᠡᠭᠳᠠᠢ ᠭᠡᠵᠦ ᠴᠢᠩᠭᠠᠳᠬᠠᠪᠠ᠃ | ᠬᠤᠷᠠᠯ ᠠᠴᠠ᠂ ᠬᠦᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ | ᠬᠤᠯᠪᠣᠭᠳᠠᠬᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠠᠢ᠃ ᠴᠢᠳᠠᠪᠤᠷᠢ ᠪᠠ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃ | ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ︶ | | |